ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠮᠠᠨ ᠤ ᠰᠢᠶᠠᠨ ᠳᠤ ᠬᠦᠷᠴᠦ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/29
      5 ᠰᠠᠷ᠎ᠠ ᠶᠢᠨ 27᠎ ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠰᠤᠨᠪᠠᠲᠤ ᠨᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ ᠳ᠋ᠦᠩ᠂ ᠳᠡᠳ᠋ ᠲᠡᠷᠢᠭᠦᠯᠡᠭᠴᠢ ᠸᠧᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠳ᠋ᠢᠶᠠᠨ ᠽᠢ ᠪᠠᠯᠭᠠᠰᠤᠨ ᠤ ᠡᠷᠲᠡᠨ ᠤ ᠣᠷᠳᠣ ᠴᠠᠭᠠᠨ ᠬᠡᠷᠡᠮ ᠤᠨ ᠪᠠᠭᠤᠷᠢ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃      ᠡᠭᠦᠨ ᠤ ᠳᠠᠷᠠᠭ᠎ᠠ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠪᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠰᠠᠨᠠᠯ ᠢᠶᠠᠨ ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠨᠠᠰᠤᠨᠪᠠᠲᠤ ᠶᠠᠷᠢᠯᠴᠠᠬᠤ ᠬᠤᠷᠠᠯ ᠳᠡᠭᠡᠷ᠎ᠡ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠨᠢ ᠪᠢᠳᠡᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠥᠭᠵᠢᠨ ᠮᠠᠨᠳᠤᠭᠰᠠᠨ ᠲᠡᠦᠬᠡ ᠰᠣᠶᠣᠯ ᠪᠣᠯᠤᠨ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠰᠤᠳᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢᠶᠠᠷ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠤ᠂ ᠤᠳᠤ ᠶᠢᠨ ᠪᠠᠶᠢᠭ᠎ᠠ ᠡᠬᠢ ᠪᠠᠶᠠᠯᠢᠭ ᠲᠠᠢ ᠪᠠᠨ ᠤᠶᠠᠯᠳᠤᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠤᠮᠠᠷᠠᠲᠤ ᠶᠢᠨ ᠰᠣᠶᠣᠯ ᠤᠨ ᠣᠨᠴᠠᠯᠢᠭ ᠲᠠᠢ ᠣᠷᠣᠨ ᠪᠦᠰᠡ ᠶᠢᠨ ᠨᠢᠭᠡ ᠪᠦᠯᠦᠭ ᠲᠦᠷᠦᠯ ᠲᠡᠮᠳᠡᠭ ᠢ ᠢᠳᠡᠪᠬᠢᠲᠡᠢ ᠡᠭᠦᠳᠴᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠦᠷᠰᠦᠯᠢᠭ ᠲᠦᠷᠦᠭᠳᠡᠯ ᠲᠠᠢ ᠪᠦᠲᠦᠮᠵᠢᠲᠡᠢ ᠳᠡᠯᠭᠡᠷᠡᠭᠦᠯᠬᠦ ᠬᠡᠷᠡᠭᠲᠡᠢ᠃      ᠨᠠᠰᠤᠨᠪᠠᠲᠤ ᠮᠠᠨ ᠤ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠪᠣᠯ ᠠᠷᠠᠳ ᠤᠨ ᠠᠮᠢᠳᠤᠷᠠᠯ ᠠᠷᠠᠳ ᠤᠨ ᠰᠠᠨᠠᠭ᠎ᠠ ᠶᠢ ᠰᠣᠨᠣᠰᠬᠤ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠵᠢᠯ ᠢᠶᠠᠨ ᠰᠠᠶᠢᠵᠢᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠯᠡᠯᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠰᠠᠶᠢᠵᠢᠷᠠᠭᠤᠯᠤᠨ ᠲᠡᠭᠦᠯᠳᠡᠷᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠠᠵᠢᠯ ᠤᠨ ᠲᠣᠭᠲᠠᠴᠠ ᠪᠣᠯᠤᠨ ᠠᠷᠭ᠎ᠠ ᠬᠡᠯᠪᠡᠷᠢ ᠪᠠᠨ ᠲᠠᠰᠤᠷᠠᠯᠳᠠ ᠦᠭᠡᠢ ᠰᠠᠶᠢᠵᠢᠷᠠᠭᠤᠯᠤᠨ ᠰᠢᠨᠡᠴᠢᠯᠡᠵᠦ᠂ ᠵᠥᠪᠯᠡᠬᠦ ᠠᠷᠠᠳᠴᠢᠯᠠᠯ ᠢ ᠰᠠᠨᠠᠯ ᠳᠤᠷᠠᠳᠤᠯᠭ᠎ᠠ ᠶᠢᠨ ᠠᠵᠢᠯ ᠤᠨ ᠡᠯ᠎ᠡ ᠲᠠᠯ᠎ᠠ ᠳᠤ ᠦᠨᠡᠨ ᠬᠦ ᠲᠤᠤᠱᠯᠠᠭᠤᠯᠵᠤ᠂ ᠰᠠᠨᠠᠯ ᠳᠤᠷᠠᠳᠤᠯᠭ᠎ᠠ ᠶᠢᠨ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠᠷ ᠳᠠᠮᠵᠢᠭᠤᠯᠤᠨ ᠠᠷᠠᠳ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠤᠨ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠬᠡᠯᠡᠪᠡ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠤᠭᠠᠴᠠᠯ ᠤᠨ ᠲᠤᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3