ᠰᠢᠩ ᠾᠧ ᠰᠢᠶᠠᠨ᠄ ᠲᠥᠯᠥᠭᠡᠯᠡᠭᠴᠢ ᠭᠡᠰᠢᠭᠦᠳ ᠬᠦᠴᠦ ᠪᠠᠨ ᠬᠠᠮᠲᠤᠳᠬᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠡᠵᠤ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/5/29
     ᠣᠶᠢᠷ᠎ᠠ ᠳᠤ᠂ ᠥᠪᠥᠷ ᠮᠣᠩᠭᠤᠯ ᠤᠨ ᠳ᠋ᠦᠩ ᠱᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠬᠤᠯᠪᠣᠭᠳᠠᠯ ᠪᠦᠬᠦᠢ ᠭᠠᠵᠠᠷ ᠰᠢᠷᠣᠢ ᠶᠢ ᠰᠢᠯᠵᠢᠭᠦᠯᠦᠨ ᠥᠭᠬᠦ ᠭᠠᠷ ᠭᠦᠢᠴᠡᠳᠬᠡᠯ ᠢ ᠭᠦᠢᠴᠡᠳᠬᠡᠬᠦ ᠦᠶ᠎ᠡ ᠳᠤ ᠣᠯᠵᠤ ᠮᠡᠳᠡᠭᠰᠡᠨ ᠨᠢ᠂ ᠺᠣᠮᠫᠠᠨᠢ ᠡᠰᠡᠷᠭᠦᠴᠡᠰᠢ ᠦᠭᠡᠢ ᠬᠦᠴᠦᠨ ᠵᠦᠢᠯ ᠤᠨ ᠨᠥᠯᠥᠭᠡ ᠠᠴᠠ ᠪᠣᠯᠵᠤ᠂ ᠬᠡᠰᠡᠭ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠮᠥᠩᠭᠦ ᠶᠢ ᠴᠠᠭ ᠲᠤᠬᠠᠢ ᠳᠤᠨᠢ ᠲᠤᠰᠢᠶᠠᠵᠤ ᠳᠠᠭᠤᠰᠬᠠᠭᠰᠠᠨ ᠦᠭᠡᠢ ᠠᠴᠠ ᠪᠣᠯᠵᠤ᠂ ᠲᠡᠷᠡ ᠤᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠵᠦ ᠳᠡᠶᠢᠯᠬᠦ ᠦᠭᠡᠢ ᠪᠣᠯᠵᠠᠢ᠃ ᠲᠡᠭᠦᠨ ᠢ ᠵᠣᠪᠠᠭᠰᠠᠨ ᠤ ᠳᠠᠷᠠᠭ᠎ᠠ᠂ ᠠᠵᠢᠯᠲᠠᠳ ᠠᠴᠠ ᠲᠡᠭᠦᠨ ᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠭᠡᠷ ᠢᠶᠠᠷ ᠣᠴᠢᠵᠤ ᠨᠡᠪᠲᠡᠷᠡᠯᠴᠡᠵᠦ ᠪᠣᠯᠣᠨ᠎ᠠ ᠭᠡᠵᠦ ᠰᠠᠨᠠᠭᠤᠯᠵᠠᠢ᠃      ᠲᠣᠰ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠬᠡᠷ ᠪᠦᠯᠢ ᠳᠤ ᠬᠦᠷᠴᠦ ᠬᠠᠪᠰᠤᠷᠤᠯᠭ᠎ᠠ ᠭᠤᠶᠤᠪᠠ᠃ ᠲᠥᠯᠥᠭᠡᠯᠡᠭᠴᠢᠳ ᠪᠣᠯᠤᠨ ᠭᠡᠰᠢᠭᠦᠳ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠳᠠᠷᠠᠭ᠎ᠠ ᠡᠳᠦᠷ ᠨᠢ ᠥᠪᠥᠷ ᠮᠣᠩᠭᠤᠯ ᠤᠨ ᠳ᠋ᠦᠩ ᠱᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠬᠠᠮᠢᠶ᠎ᠠ ᠪᠦᠬᠦᠢ ᠪᠠᠶᠢᠳᠠᠯ ᠢ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠨᠢᠭᠡ ᠭᠠᠷᠠᠭ ᠤᠨ ᠳᠣᠲᠣᠷ᠎ᠠ ᠠᠵᠤ ᠠᠬᠤᠶᠢᠯᠠᠯ ᠢ ᠤᠷᠤᠭᠰᠢᠲᠠᠶ ᠬᠠᠪᠰᠤᠷᠴᠤ ᠬᠠᠮᠢᠶ᠎ᠠ ᠪᠦᠬᠦᠢ ᠭᠠᠷᠳᠠᠮ ᠢ ᠰᠠᠶᠢᠲᠤᠷ ᠬᠢᠪᠡ      ᠠᠰᠠᠭᠤᠳᠠᠯ ᠢ ᠢᠩᠭᠢᠵᠦ ᠲᠦᠷᠭᠡᠨ ᠰᠢᠢᠳᠪᠦᠷᠢᠯᠡᠵᠦ ᠴᠢᠳᠠᠭᠰᠠᠨ ᠦᠭᠡᠢ᠂ ᠪᠢ ᠺᠣᠮᠫᠠᠨᠢ ᠵᠢᠴᠢ ᠬᠤᠪᠢ ᠬᠥᠮᠦᠨ ᠢ ᠲᠥᠯᠥᠭᠡᠯᠡᠨ ᠲᠥᠯᠥᠭᠡᠯᠡᠭᠴᠢ ᠭᠡᠰᠢᠭᠦᠨ ᠪᠣᠯᠤᠨ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠭᠡᠵᠦ ᠬᠡᠯᠡᠪᠡ᠃ ᠥᠪᠥᠷ ᠮᠣᠩᠭᠤᠯ ᠤᠨ ᠳ᠋ᠦᠩ ᠱᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠪᠠᠶᠠᠷᠲᠠᠢ ᠪᠠᠷ ᠬᠡᠯᠡᠪᠡ᠃      ︽ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠵᠢᠭᠠᠬᠤ ᠦᠨᠳᠦᠰᠦᠯᠡᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ︿ᠬᠤᠶᠠᠷ ᠲᠥᠯᠥᠭᠡᠯᠡᠭᠴᠢ ᠨᠢᠭᠡ ᠭᠡᠰᠢᠭᠦᠨ﹀᠎ ᠤ ᠭᠡᠷ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠬᠤ ᠪᠠᠷ ᠬᠠᠷᠠᠯᠲᠠ ᠶᠢᠨ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤ ᠶᠢᠨ ᠴᠢᠨᠠᠷᠲᠠᠢ ᠭᠦᠢᠴᠡᠳᠬᠡᠬᠦ ᠠᠵᠢᠯ ᠢ ᠥᠷᠨᠢᠭᠦᠯᠵᠦ᠂ ᠤᠯᠠᠨ ᠲᠦᠮᠡᠨ ᠤ ᠰᠠᠨᠠᠯ ᠢ ᠨᠢᠭᠤᠷᠳᠠᠨ ᠰᠣᠨᠣᠰᠴᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠨᠢᠭᠡᠨᠲᠡ ᠪᠢᠴᠢᠭ ᠮᠠᠲ᠋ᠧᠷᠢᠶᠠᠯ ᠬᠦᠯᠢᠶᠡᠨ ᠬᠠᠷᠢᠭᠤᠴᠠᠬᠤ᠂ ᠰᠢᠰᠲ᠋ᠧᠮᠵᠢᠭᠦᠯᠦᠨ ᠰᠢᠢᠳᠪᠦᠷᠢᠯᠡᠬᠦ᠂ ᠳᠠᠷᠤᠢ ᠵᠠᠭᠠᠯᠳᠤᠬᠤ᠂ ᠬᠢᠨᠠᠯᠲᠠ ᠲᠠᠯᠪᠢᠨ ᠦᠨᠡᠯᠡᠬᠦ᠂ ᠡᠮᠬᠢᠯᠡᠵᠦ ᠡᠪᠬᠡᠮᠡᠯ ᠳᠤ ᠣᠷᠣᠭᠤᠯᠬᠤ ᠪᠢᠲᠡᠭᠦᠦ ᠬᠡᠯᠬᠢᠶ᠎ᠡ ᠶᠢ ᠪᠦᠷᠢᠯᠳᠦᠭᠦᠯᠵᠦ᠂ ᠠᠰᠠᠭᠤᠳᠠᠯ ᠢ ᠰᠢᠢᠳᠪᠦᠷᠢᠯᠡᠬᠦ ︿ᠲᠠᠰᠤᠷᠠᠯᠲᠠ ᠦᠭᠡᠢ ᠲᠠᠰᠤᠯᠳᠠᠭᠤᠯᠬᠤ ᠦᠭᠡᠢ﹀ ᠵᠣᠷᠢᠯᠲᠠ︾᠎ ᠶᠢ ᠪᠡᠶᠡᠯᠡᠭᠦᠯᠵᠡᠢ︾ ᠭᠡᠬᠦ ᠵᠣᠷᠢᠯᠲᠠ ᠶᠢ ᠪᠡᠶᠡᠯᠡᠭᠦᠯᠵᠡᠶ᠃ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠢᠯᠡᠷᠬᠡᠶᠢᠯᠡᠬᠦ ᠳᠡᠭᠡᠨ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠰᠢᠩ ᠾᠧ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠨᠡᠩ ᠰᠢᠯᠢᠳᠡᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ︵ᠤᠯᠠᠭᠠᠨᠴᠠᠪ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠵᠢᠩ ᠫᠧᠩ︶             ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ               ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3