5 ᠰᠠᠷ᠎ᠠ ᠶᠢᠨ 28 ᠤ ᠡᠳᠦᠷ᠂ ᠦᠨᠳᠦᠰᠦᠲᠡᠨ ᠤ ᠪᠦᠯᠬᠦᠮᠳᠡᠯ ᠰᠢᠶᠠᠩ ︽ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠨ ᠠᠴᠢ ᠶᠢ ᠬᠠᠷᠢᠭᠤᠯᠵᠤ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ ︽ | ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠥᠷᠨᠢᠭᠦᠯᠵᠦ᠂ ᠬᠡᠰᠡᠭ ᠲᠥᠯᠥᠭᠡᠯᠡᠭᠴᠢ ᠭᠡᠰᠢᠭᠦᠳ ᠠᠵᠢᠯᠯᠠᠭ᠎ᠠ ᠳᠤ | ᠣᠷᠣᠯᠴᠠᠪᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠪᠣᠯᠤᠨ ᠲᠥᠯᠥᠭᠡᠯᠡᠭᠴᠢ ᠭᠡᠰᠢᠭᠦᠳ ᠬᠠᠷᠢᠶ᠎ᠠ ᠣᠷᠣᠨ ᠤ ᠪᠠᠨ | ᠤᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠮᠡᠳᠡᠯᠭᠡ ᠶᠢᠨ ᠭᠠᠷ ᠳᠡᠪᠲᠡᠷ︾ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠬᠠᠭᠤᠳᠠᠰᠤ ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ | ᠳᠡᠪᠲᠡᠷ ᠢ ᠲᠠᠷᠬᠠᠭᠠᠵᠤ᠂ ᠨᠠᠮ ᠪᠣᠯᠤᠨ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠵᠤ᠂ ᠤᠯᠠᠨ | ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ | ᠢᠳᠡᠪᠬᠢᠲᠡᠢ ᠰᠤᠷᠤᠯᠴᠠᠭᠤᠯᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠲᠠᠪᠰᠢᠯᠳᠠ ᠶᠢᠨ ᠦᠵᠡᠯ ᠰᠠᠨᠠᠭᠠᠨ ᠤ | ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ | ᠠᠵᠢᠯᠲᠠᠳ ᠪᠣᠯᠤᠨ ᠰᠢᠶᠠᠩ ᠤᠨ ᠲᠥᠯᠥᠭᠡᠯᠡᠭᠴᠢ ᠭᠡᠰᠢᠭᠦᠳ ᠤᠯᠠᠨ ᠲᠦᠮᠡᠨ ᠳᠤ ᠨᠠᠮ ᠤᠨ ᠦᠨᠳᠦᠰᠦᠲᠡᠨ ᠤ | ᠠᠵᠢᠯ ᠤᠨ ᠭᠤᠣᠯ ᠱᠤᠭᠤᠮ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠭᠤᠣᠯ ᠠᠭᠤᠯᠭ᠎ᠠ ᠪᠣᠯᠤᠨ ᠴᠢᠬᠤᠯᠠ ᠠᠴᠢ | ᠬᠤᠯᠪᠣᠭᠳᠠᠯ ᠢ ᠲᠠᠶᠢᠯᠪᠤᠷᠢᠯᠠᠵᠤ᠂ ᠥᠷᠭᠡᠨ ᠤᠯᠠᠨ ᠲᠦᠮᠡᠨ ᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ | ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ ᠪᠣᠯᠤᠨ | ᠡᠷᠡᠰ ᠪᠠᠲᠤ ᠴᠢᠨᠠᠷ ᠢ ᠴᠢᠩᠭᠠᠳᠬᠠᠪᠠ᠃ | ᠳᠠᠷᠠᠭᠠᠴᠢ ᠶᠢᠨ ᠠᠯᠬᠤᠮ ᠳᠤ᠂ ᠲᠤᠰ ᠰᠢᠶᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠯ᠎ᠡ ᠵᠦᠢᠯ ᠤᠨ | ᠠᠵᠢᠯ ᠢ ᠬᠡᠯᠪᠡᠷᠢ ᠲᠠᠢ᠂ ᠲᠦᠷᠦᠭᠳᠡᠯ ᠲᠠᠢ᠂ ᠪᠦᠲᠦᠮᠵᠢᠲᠡᠢ ᠠᠳᠬᠤᠵᠤ ᠨᠠᠷᠢᠯᠢᠭ ᠬᠢᠵᠦ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠦᠷᠭᠦᠯᠵᠢᠯᠡᠨ | ᠡᠷᠭᠦᠬᠦ ᠪᠣᠯᠤᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |