5 ᠰᠠᠷ᠎ᠠ ᠶᠢᠨ 27 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠨᠠᠰᠤᠨᠪᠠᠲᠤ ᠨᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ | ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠩ ᠵᠧᠨ | ᠳ᠋ᠦᠩ᠂ ᠳᠡᠳ᠋ ᠲᠡᠷᠢᠭᠦᠯᠡᠭᠴᠢ ᠸᠧᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠳ᠋ᠢᠶᠠᠨ ᠽᠢ ᠪᠠᠯᠭᠠᠰᠤᠨ ᠤ ᠡᠷᠲᠡᠨ ᠤ | ᠣᠷᠳᠣ ᠴᠠᠭᠠᠨ ᠬᠡᠷᠡᠮ ᠤᠨ ᠪᠠᠭᠤᠷᠢ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ | ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ | ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | ᠡᠭᠦᠨ ᠤ ᠳᠠᠷᠠᠭ᠎ᠠ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠪᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ | ᠠᠵᠢᠯ ᠤᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠰᠠᠨᠠᠯ ᠢᠶᠠᠨ | ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠨᠠᠰᠤᠨᠪᠠᠲᠤ ᠶᠠᠷᠢᠯᠴᠠᠬᠤ ᠬᠤᠷᠠᠯ ᠳᠡᠭᠡᠷ᠎ᠡ᠂ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠨᠢ ᠪᠢᠳᠡᠨ ᠤ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠥᠭᠵᠢᠨ ᠮᠠᠨᠳᠤᠭᠰᠠᠨ ᠲᠡᠦᠬᠡ ᠰᠣᠶᠣᠯ ᠪᠣᠯᠤᠨ | ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠰᠤᠳᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢᠶᠠᠷ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠮᠣᠩᠭᠤᠯ ᠮᠣᠷᠢᠨ ᠤ | ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠤᠳᠤ ᠶᠢᠨ | ᠪᠠᠶᠢᠭ᠎ᠠ ᠡᠬᠢ ᠪᠠᠶᠠᠯᠢᠭ ᠲᠠᠢ ᠪᠠᠨ ᠤᠶᠠᠯᠳᠤᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ | ᠂ ᠤᠮᠠᠷᠠᠲᠤ ᠶᠢᠨ ᠰᠣᠶᠣᠯ ᠤᠨ ᠣᠨᠴᠠᠯᠢᠭ ᠲᠠᠢ ᠣᠷᠣᠨ ᠪᠦᠰᠡ ᠶᠢᠨ ᠨᠢᠭᠡ ᠪᠦᠯᠦᠭ ᠲᠦᠷᠦᠯ ᠲᠡᠮᠳᠡᠭ ᠢ ᠢᠳᠡᠪᠬᠢᠲᠡᠢ | ᠡᠭᠦᠳᠴᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠦᠷᠰᠦᠯᠢᠭ | ᠲᠦᠷᠦᠭᠳᠡᠯ ᠲᠠᠢ ᠪᠦᠲᠦᠮᠵᠢᠲᠡᠢ ᠳᠡᠯᠭᠡᠷᠡᠭᠦᠯᠬᠦ ᠬᠡᠷᠡᠭᠲᠡᠢ᠃ | ᠨᠠᠰᠤᠨᠪᠠᠲᠤ ᠮᠠᠨ ᠤ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠥᠷᠨᠢᠭᠦᠯᠦᠭᠰᠡᠨ | ᠪᠠᠶᠢᠳᠠᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠲᠦᠷᠦ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠪᠣᠯ ᠠᠷᠠᠳ ᠤᠨ ᠠᠮᠢᠳᠤᠷᠠᠯ ᠠᠷᠠᠳ ᠤᠨ ᠰᠠᠨᠠᠭ᠎ᠠ ᠶᠢ ᠰᠣᠨᠣᠰᠬᠤ᠂ ᠰᠢᠨᠵᠢᠯᠡᠬᠦ ᠤᠬᠠᠭᠠᠨᠴᠢ ᠪᠠᠷ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠵᠢᠯ ᠢᠶᠠᠨ ᠰᠠᠶᠢᠵᠢᠷᠠᠭᠤᠯᠬᠤ ᠶᠢ ᠠᠬᠢᠭᠤᠯᠬᠤ | ᠴᠢᠬᠤᠯᠠ ᠠᠷᠭ᠎ᠠ ᠵᠠᠮ ᠮᠥᠨ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠯᠡᠯᠭᠡᠨ ᠤ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠰᠠᠶᠢᠵᠢᠷᠠᠭᠤᠯᠤᠨ ᠲᠡᠭᠦᠯᠳᠡᠷᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠠᠵᠢᠯ ᠤᠨ ᠲᠣᠭᠲᠠᠴᠠ | ᠪᠣᠯᠤᠨ ᠠᠷᠭ᠎ᠠ ᠬᠡᠯᠪᠡᠷᠢ ᠪᠠᠨ ᠲᠠᠰᠤᠷᠠᠯᠳᠠ ᠦᠭᠡᠢ ᠰᠠᠶᠢᠵᠢᠷᠠᠭᠤᠯᠤᠨ ᠰᠢᠨᠡᠴᠢᠯᠡᠵᠦ᠂ ᠵᠥᠪᠯᠡᠬᠦ ᠠᠷᠠᠳᠴᠢᠯᠠᠯ ᠢ ᠰᠠᠨᠠᠯ | ᠳᠤᠷᠠᠳᠤᠯᠭ᠎ᠠ ᠶᠢᠨ ᠠᠵᠢᠯ ᠤᠨ ᠡᠯ᠎ᠡ ᠲᠠᠯ᠎ᠠ ᠳᠤ ᠦᠨᠡᠨ ᠬᠦ ᠲᠤᠤᠱᠯᠠᠭᠤᠯᠵᠤ᠂ ᠰᠠᠨᠠᠯ ᠳᠤᠷᠠᠳᠤᠯᠭ᠎ᠠ ᠶᠢᠨ ᠠᠵᠢᠯ ᠤᠨ | ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠᠷ ᠳᠠᠮᠵᠢᠭᠤᠯᠤᠨ | ᠠᠷᠠᠳ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠠᠨ ᠤ ᠰᠢᠶᠠᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠤᠨ ᠬᠦᠴᠦᠷᠬᠡᠭ ᠶᠡᠭᠡ | ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠬᠡᠯᠡᠪᠡ᠃ | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠤᠭᠠᠴᠠᠯ ᠤᠨ ᠲᠤᠪᠴᠢᠶ᠎ᠠ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |