ᠣᠶᠢᠷ᠎ᠠ ᠳᠤ᠂ ᠥᠪᠥᠷ ᠮᠣᠩᠭᠤᠯ ᠤᠨ ᠳ᠋ᠦᠩ ᠱᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ | ᠳᠡᠳ᠋ ᠶᠡᠷᠦᠩᠬᠡᠢ ᠳᠠᠭᠠᠭᠠᠮᠠᠯ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠬᠦᠷᠴᠦ ᠬᠤᠯᠪᠣᠭᠳᠠᠯ ᠪᠦᠬᠦᠢ ᠭᠠᠵᠠᠷ ᠰᠢᠷᠣᠢ ᠶᠢ ᠰᠢᠯᠵᠢᠭᠦᠯᠦᠨ ᠥᠭᠬᠦ ᠭᠠᠷ ᠭᠦᠢᠴᠡᠳᠬᠡᠯ ᠢ ᠭᠦᠢᠴᠡᠳᠬᠡᠬᠦ | ᠦᠶ᠎ᠡ ᠳᠤ ᠣᠯᠵᠤ ᠮᠡᠳᠡᠭᠰᠡᠨ ᠨᠢ᠂ ᠺᠣᠮᠫᠠᠨᠢ ᠡᠰᠡᠷᠭᠦᠴᠡᠰᠢ ᠦᠭᠡᠢ ᠬᠦᠴᠦᠨ ᠵᠦᠢᠯ ᠤᠨ ᠨᠥᠯᠥᠭᠡ ᠠᠴᠠ ᠪᠣᠯᠵᠤ᠂ | ᠬᠡᠰᠡᠭ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠮᠥᠩᠭᠦ ᠶᠢ ᠴᠠᠭ ᠲᠤᠬᠠᠢ ᠳᠤᠨᠢ ᠲᠤᠰᠢᠶᠠᠵᠤ ᠳᠠᠭᠤᠰᠬᠠᠭᠰᠠᠨ | ᠦᠭᠡᠢ ᠠᠴᠠ ᠪᠣᠯᠵᠤ᠂ ᠲᠡᠷᠡ ᠤᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠵᠦ ᠳᠡᠶᠢᠯᠬᠦ ᠦᠭᠡᠢ | ᠪᠣᠯᠵᠠᠢ᠃ ᠲᠡᠭᠦᠨ ᠢ ᠵᠣᠪᠠᠭᠰᠠᠨ ᠤ ᠳᠠᠷᠠᠭ᠎ᠠ᠂ ᠠᠵᠢᠯᠲᠠᠳ ᠠᠴᠠ ᠲᠡᠭᠦᠨ ᠢ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠭᠡᠷ ᠢᠶᠠᠷ ᠣᠴᠢᠵᠤ ᠨᠡᠪᠲᠡᠷᠡᠯᠴᠡᠵᠦ ᠪᠣᠯᠣᠨ᠎ᠠ ᠭᠡᠵᠦ ᠰᠠᠨᠠᠭᠤᠯᠵᠠᠢ᠃ | ᠲᠣᠰ ᠡᠳᠦᠷ ᠤᠨ ᠦᠳᠡ ᠶᠢᠨ ᠬᠤᠶᠢᠨ᠎ᠠ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ᠤ ᠬᠡᠷ ᠪᠦᠯᠢ ᠳᠤ ᠬᠦᠷᠴᠦ ᠬᠠᠪᠰᠤᠷᠤᠯᠭ᠎ᠠ ᠭᠤᠶᠤᠪᠠ᠃ ᠲᠥᠯᠥᠭᠡᠯᠡᠭᠴᠢᠳ ᠪᠣᠯᠤᠨ ᠭᠡᠰᠢᠭᠦᠳ ᠬᠠᠮᠢᠶ᠎ᠠ ᠪᠦᠬᠦᠢ | ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠳᠠᠷᠠᠭ᠎ᠠ ᠡᠳᠦᠷ ᠨᠢ ᠥᠪᠥᠷ ᠮᠣᠩᠭᠤᠯ ᠤᠨ ᠳ᠋ᠦᠩ ᠱᠧᠩ | ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠬᠠᠮᠢᠶ᠎ᠠ ᠪᠦᠬᠦᠢ ᠪᠠᠶᠢᠳᠠᠯ ᠢ ᠣᠶᠢᠯᠠᠭᠠᠬᠤ ᠶᠢᠨ | ᠬᠠᠮᠲᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠨᠢᠭᠡ | ᠭᠠᠷᠠᠭ ᠤᠨ ᠳᠣᠲᠣᠷ᠎ᠠ ᠠᠵᠤ ᠠᠬᠤᠶᠢᠯᠠᠯ ᠢ ᠤᠷᠤᠭᠰᠢᠲᠠᠶ ᠬᠠᠪᠰᠤᠷᠴᠤ ᠬᠠᠮᠢᠶ᠎ᠠ ᠪᠦᠬᠦᠢ ᠭᠠᠷᠳᠠᠮ ᠢ ᠰᠠᠶᠢᠲᠤᠷ ᠬᠢᠪᠡ | ᠃ | ᠠᠰᠠᠭᠤᠳᠠᠯ ᠢ ᠢᠩᠭᠢᠵᠦ ᠲᠦᠷᠭᠡᠨ ᠰᠢᠢᠳᠪᠦᠷᠢᠯᠡᠵᠦ ᠴᠢᠳᠠᠭᠰᠠᠨ ᠦᠭᠡᠢ᠂ ᠪᠢ ᠺᠣᠮᠫᠠᠨᠢ ᠵᠢᠴᠢ ᠬᠤᠪᠢ | ᠬᠥᠮᠦᠨ ᠢ ᠲᠥᠯᠥᠭᠡᠯᠡᠨ ᠲᠥᠯᠥᠭᠡᠯᠡᠭᠴᠢ ᠭᠡᠰᠢᠭᠦᠨ ᠪᠣᠯᠤᠨ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ | ᠮᠥᠴᠢᠷ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠭᠡᠵᠦ ᠬᠡᠯᠡᠪᠡ᠃ ᠥᠪᠥᠷ ᠮᠣᠩᠭᠤᠯ ᠤᠨ ᠳ᠋ᠦᠩ | ᠱᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠪᠠᠶᠠᠷᠲᠠᠢ ᠪᠠᠷ ᠬᠡᠯᠡᠪᠡ᠃ | ︽ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠵᠢᠭᠠᠬᠤ ᠦᠨᠳᠦᠰᠦᠯᠡᠯ ᠤᠨ | ᠬᠠᠮᠢᠶᠠᠷᠤᠯᠲᠠ ᠶᠢᠨ ᠲᠣᠪᠴᠢᠶ᠎ᠠ ᠶᠢᠨ ︿ᠬᠤᠶᠠᠷ ᠲᠥᠯᠥᠭᠡᠯᠡᠭᠴᠢ ᠨᠢᠭᠡ ᠭᠡᠰᠢᠭᠦᠨ﹀ ᠤ ᠭᠡᠷ ᠪᠦᠬᠦ ᠲᠠᠯ᠎ᠠ ᠶᠢᠨ᠂ ᠪᠦᠬᠦ | ᠶᠠᠪᠤᠴᠠ ᠶᠢᠨ᠂ ᠪᠦᠬᠦᠨ ᠢ ᠬᠠᠮᠤᠷᠬᠤ ᠪᠠᠷ ᠬᠠᠷᠠᠯᠲᠠ ᠶᠢᠨ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤ ᠶᠢᠨ ᠴᠢᠨᠠᠷᠲᠠᠢ | ᠭᠦᠢᠴᠡᠳᠬᠡᠬᠦ ᠠᠵᠢᠯ ᠢ ᠥᠷᠨᠢᠭᠦᠯᠵᠦ᠂ ᠤᠯᠠᠨ ᠲᠦᠮᠡᠨ ᠤ ᠰᠠᠨᠠᠯ ᠢ ᠨᠢᠭᠤᠷᠳᠠᠨ ᠰᠣᠨᠣᠰᠴᠤ᠂ ᠠᠵᠤ ᠠᠬᠤᠶᠢᠯᠠᠯ | ᠪᠣᠯᠤᠨ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠨᠢᠭᠡᠨᠲᠡ ᠪᠢᠴᠢᠭ | ᠮᠠᠲ᠋ᠧᠷᠢᠶᠠᠯ ᠬᠦᠯᠢᠶᠡᠨ ᠬᠠᠷᠢᠭᠤᠴᠠᠬᠤ᠂ ᠰᠢᠰᠲ᠋ᠧᠮᠵᠢᠭᠦᠯᠦᠨ ᠰᠢᠢᠳᠪᠦᠷᠢᠯᠡᠬᠦ᠂ ᠳᠠᠷᠤᠢ ᠵᠠᠭᠠᠯᠳᠤᠬᠤ᠂ ᠬᠢᠨᠠᠯᠲᠠ | ᠲᠠᠯᠪᠢᠨ ᠦᠨᠡᠯᠡᠬᠦ᠂ ᠡᠮᠬᠢᠯᠡᠵᠦ ᠡᠪᠬᠡᠮᠡᠯ ᠳᠤ ᠣᠷᠣᠭᠤᠯᠬᠤ ᠪᠢᠲᠡᠭᠦᠦ ᠬᠡᠯᠬᠢᠶ᠎ᠡ ᠶᠢ ᠪᠦᠷᠢᠯᠳᠦᠭᠦᠯᠵᠦ᠂ ᠠᠰᠠᠭᠤᠳᠠᠯ ᠢ | ᠰᠢᠢᠳᠪᠦᠷᠢᠯᠡᠬᠦ ︿ᠲᠠᠰᠤᠷᠠᠯᠲᠠ ᠦᠭᠡᠢ ᠲᠠᠰᠤᠯᠳᠠᠭᠤᠯᠬᠤ ᠦᠭᠡᠢ﹀ ᠵᠣᠷᠢᠯᠲᠠ︾ ᠶᠢ ᠪᠡᠶᠡᠯᠡᠭᠦᠯᠵᠡᠢ︾ ᠭᠡᠬᠦ | ᠵᠣᠷᠢᠯᠲᠠ ᠶᠢ ᠪᠡᠶᠡᠯᠡᠭᠦᠯᠵᠡᠶ᠃ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠢᠯᠡᠷᠬᠡᠶᠢᠯᠡᠬᠦ ᠳᠡᠭᠡᠨ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ | ᠲᠣᠭᠲᠠᠭᠠᠯᠲᠠ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠦᠨᠡᠨ ᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠶᠢᠯᠠᠯ ᠪᠣᠯᠤᠨ ᠤᠯᠠᠨ | ᠲᠦᠮᠡᠨ ᠲᠠᠢ ᠨᠢᠭᠲᠠ ᠬᠠᠷᠢᠯᠴᠠᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠰᠢᠩ ᠾᠧ ᠰᠢᠶᠠᠨ ᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠨᠡᠩ ᠰᠢᠯᠢᠳᠡᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ︵ᠤᠯᠠᠭᠠᠨᠴᠠᠪ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠵᠢᠩ ᠫᠧᠩ︶ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |