ᠦᠨᠳᠦᠰᠦᠲᠡᠨ ᠤ ᠪᠦᠯᠬᠦᠮᠳᠡᠯ ᠰᠢᠶᠠᠩ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠬᠠᠷᠢᠭᠤᠯᠵᠤ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/29
      5 ᠰᠠᠷ᠎ᠠ ᠶᠢᠨ 28 ᠤ ᠡᠳᠦᠷ᠂ ᠦᠨᠳᠦᠰᠦᠲᠡᠨ ᠤ ᠪᠦᠯᠬᠦᠮᠳᠡᠯ ᠰᠢᠶᠠᠩ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠠᠴᠢ ᠶᠢ ᠬᠠᠷᠢᠭᠤᠯᠵᠤ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠥᠷᠨᠢᠭᠦᠯᠵᠦ᠂ ᠬᠡᠰᠡᠭ ᠲᠥᠯᠥᠭᠡᠯᠡᠭᠴᠢ ᠭᠡᠰᠢᠭᠦᠳ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠪᠣᠯᠤᠨ ᠲᠥᠯᠥᠭᠡᠯᠡᠭᠴᠢ ᠭᠡᠰᠢᠭᠦᠳ ᠬᠠᠷᠢᠶ᠎ᠠ ᠣᠷᠣᠨ ᠤ ᠪᠠᠨ ᠤᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠮᠡᠳᠡᠯᠭᠡ ᠶᠢᠨ ᠭᠠᠷ ᠳᠡᠪᠲᠡᠷ︾ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠨᠠᠮ ᠪᠣᠯᠤᠨ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠢᠳᠡᠪᠬᠢᠲᠡᠢ ᠰᠤᠷᠤᠯᠴᠠᠭᠤᠯᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠲᠠᠪᠰᠢᠯᠳᠠ ᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃      ᠠᠵᠢᠯᠲᠠᠳ ᠪᠣᠯᠤᠨ ᠰᠢᠶᠠᠩ ᠤᠨ ᠲᠥᠯᠥᠭᠡᠯᠡᠭᠴᠢ ᠭᠡᠰᠢᠭᠦᠳ ᠤᠯᠠᠨ ᠲᠦᠮᠡᠨ ᠳᠤ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠭᠤᠣᠯ ᠠᠭᠤᠯᠭ᠎ᠠ ᠪᠣᠯᠤᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠵᠤ᠂ ᠥᠷᠭᠡᠨ ᠤᠯᠠᠨ ᠲᠦᠮᠡᠨ ᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢ ᠴᠢᠩᠭᠠᠳᠬᠠᠪᠠ᠃      ᠳᠠᠷᠠᠭᠠᠴᠢ ᠶᠢᠨ ᠠᠯᠬᠤᠮ ᠳᠤ᠂ ᠲᠤᠰ ᠰᠢᠶᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠯ᠎ᠡ ᠵᠦᠢᠯ ᠤᠨ ᠠᠵᠢᠯ ᠢ ᠬᠡᠯᠪᠡᠷᠢ ᠲᠠᠢ᠂ ᠲᠦᠷᠦᠭᠳᠡᠯ ᠲᠠᠢ᠂ ᠪᠦᠲᠦᠮᠵᠢᠲᠡᠢ ᠠᠳᠬᠤᠵᠤ ᠨᠠᠷᠢᠯᠢᠭ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠬᠦ ᠪᠣᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3