5 ᠰᠠᠷ᠎ᠠ ᠶᠢᠨ 29 ᠤ ᠡᠳᠦᠷ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ᠃ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ | ᠢᠦᠶ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ | ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠧᠤ ᠷᠦᠢ ᠵᠢᠶᠦ᠋ᠨ ᠲᠣᠰ ᠤᠳᠠᠭᠠᠨ ᠤ ᠫᠠᠶᠢᠰᠠ ᠡᠯᠭᠦᠬᠦ ᠶᠣᠰᠣᠯᠠᠯ ᠳᠤ | ᠣᠷᠣᠯᠴᠠᠪᠠ᠃ | ᠯᠢ ᠼᠠᠢ ᠴᠢᠩ ᠬᠡᠯᠡᠬᠦ ᠳᠡᠭᠡᠨ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠵᠢᠩᠬᠢᠨᠢ ᠪᠠᠷ ᠪᠠᠶᠢᠭᠤᠯᠤᠭᠳᠠᠭᠰᠠᠨ ᠶᠠᠪᠤᠳᠠᠯ ᠪᠣᠯ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠢ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ | ᠬᠡᠮᠵᠢᠶ᠎ᠡ ᠮᠥᠨ᠂ ᠪᠠᠰᠠ ᠴᠤ ᠮᠠᠨ ᠤ ᠰᠢᠶᠠᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠷᠭᠡᠳᠬᠡᠵᠦ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠪᠠᠰᠠ ᠨᠢᠭᠡᠨ ᠪᠣᠳᠠᠲᠤ | ᠠᠵᠢᠯᠯᠠᠭ᠎ᠠ ᠮᠥᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠦᠷᠦᠯ ᠲᠡᠮᠳᠡᠭ ᠤᠨ ᠲᠠᠪᠴᠠᠩ ᠢ ᠪᠠᠶᠢᠭᠤᠯᠤᠭᠰᠠᠨ ᠢᠶᠠᠷ ᠪᠠᠷᠠᠬᠤ | ᠦᠭᠡᠢ᠂ ᠨᠡᠩ ᠴᠤ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠮᠤ ᠳ᠋ᠠᠶᠢᠲ᠋ᠠ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠭᠤᠰᠤᠯᠴᠠᠯ ᠨᠢ ᠵᠢᠩᠬᠢᠨᠢ ᠪᠠᠷ ︽ᠲᠦᠷᠭᠡᠨ ᠵᠠᠮ︾ ᠳᠤ ᠤᠷᠤᠭᠰᠠᠨ ᠢ | ᠬᠠᠷᠠᠭᠤᠯᠵᠤ ᠪᠠᠶᠢᠨ᠎ᠠ᠂ ᠡᠨᠡ ᠨᠢ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |