ᠤᠯᠠᠭᠠᠨᠴᠠᠪ ᠬᠤᠲᠠ ᠶᠢᠨ ᠰᠢᠩ ᠾᠧ ᠰᠢᠶᠠᠨ ᠤ 2024 ᠣᠨ ᠤ ᠠᠵᠢᠯ ᠦᠢᠯᠡᠰ ᠤᠨ ᠨᠢᠭᠡᠴᠡ ᠰᠢᠯᠢᠳᠡᠭ ᠲᠣᠰᠬᠤᠨ ᠤ ᠺᠠᠳ᠋ᠷ ᠢ ᠲᠤᠰᠬᠠᠶ ᠤᠷᠢᠵᠤ ᠡᠯᠰᠡᠬᠦ᠂ ᠨᠡᠶᠢᠭᠡᠮ ᠲᠣᠭᠤᠷᠢᠭ ᠤᠨ ᠠᠵᠢᠯᠲᠠᠨ ᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠵᠢᠴᠢ ᠬᠢᠷᠢ ᠬᠡᠮ ᠢ ᠳᠠᠬᠢᠨ ᠬᠢᠨᠠᠬᠤ ᠠᠯᠪᠠᠨ ᠵᠠᠷ
ᠨᠡᠶᠢᠲᠡᠯᠡᠭᠰᠡᠨ ᠴᠠᠭ᠄
2024/5/30
      ︽ᠤᠯᠠᠭᠠᠨᠴᠠᠪ ᠬᠤᠲᠠ ᠶᠢᠨ ᠰᠢᠩ ᠾᠧ ᠰᠢᠶᠠᠨ ᠤ 2024 ᠣᠨ ᠤ ᠠᠵᠢᠯ ᠦᠢᠯᠡᠰ ᠤᠨ ᠨᠢᠭᠡᠴᠡ ᠶᠢᠨ ᠰᠢᠯᠢᠳᠡᠭ ᠲᠣᠰᠬᠤᠨ ᠤ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ ᠢ ᠲᠤᠰᠬᠠᠶ ᠡᠯᠰᠡᠨ ᠤᠷᠢᠬᠤ ᠲᠣᠪᠴᠢ ᠳᠦᠷᠢᠮ︾ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠢᠷ ᠤᠨ ᠰᠢᠯᠭᠠᠯᠲᠠ ᠶᠢᠨ ᠠᠵᠢᠯ ᠨᠢᠭᠡᠨᠲᠡ ᠳᠠᠭᠤᠰᠴᠤ᠂ ᠡᠳᠦᠭᠡ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠵᠢᠴᠢ ᠬᠢᠷᠢ ᠬᠡᠮ ᠢ ᠳᠠᠬᠢᠨ ᠬᠢᠨᠠᠬᠤ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ      ᠤᠷᠢᠭᠳᠠᠭᠰᠠᠳ ᠤᠨ ᠰᠦᠯᠵᠢᠶᠡᠨ ᠤ ᠬᠠᠶ᠋ᠢᠭ ︵http://nmdsjy.pinge360.com/exam/1308︶᠎ ᠤᠨ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠣᠷᠣᠭᠤᠯᠵᠤ ᠰᠢᠯᠭᠠᠯᠲᠠ ᠶᠢᠨ ᠬᠢᠷᠢ ᠪᠦᠲᠦᠮᠵᠢ ᠵᠢᠴᠢ ᠬᠢᠷᠢ ᠬᠡᠮ ᠤᠨ ᠳᠠᠬᠢᠨ ᠬᠢᠨᠠᠯᠲᠠ ᠳᠤ ᠤᠷᠤᠭᠰᠠᠨ ᠡᠰᠡᠬᠦ ᠶᠢ ᠥᠪᠡᠰᠦᠪᠡᠨ ᠠᠰᠠᠭᠤᠨ ᠯᠠᠪᠯᠠᠨ᠎ᠠ᠃      ᠬᠤᠶᠠᠷ᠂ ᠬᠢᠷᠢ ᠬᠡᠮ ᠤᠨ ᠳᠠᠬᠢᠨ ᠬᠢᠨᠠᠭᠴᠢ ᠶᠢ ᠳᠤᠭᠳᠠᠭᠠᠨ᠎ᠠ      ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠪᠣᠯᠬᠤ ᠳᠡᠰ ᠳᠠᠷᠠᠭᠠᠯᠠᠯ ᠢ ᠦᠨᠳᠦᠰᠦᠯᠡᠨ᠂ 1᠄ 3᠎ ᠶᠢᠨ ᠬᠠᠷᠢᠴᠠᠯ ᠢᠶᠠᠷ ᠬᠢᠷᠢ ᠭᠡᠮ ᠢ ᠳᠠᠬᠢᠨ ᠬᠢᠨᠠᠬᠤ ᠠᠵᠢᠯᠲᠠᠨ ᠤ ᠬᠡᠪᠴᠢᠶ᠎ᠡ ᠶᠢ ᠲᠣᠭᠲᠠᠭᠠᠬᠤ ᠬᠡᠷᠡᠭᠲᠡᠶ᠃ ᠬᠡᠷᠪᠡ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠬᠠᠮᠤᠭ ᠰᠡᠭᠦᠯᠴᠢ ᠶᠢᠨ ᠨᠢᠭᠡ ᠨᠢ ᠪᠣᠢ ᠪᠣᠯᠣᠭᠰᠠᠨ ᠪᠣᠯ᠂ ᠬᠢᠷᠢ ᠬᠡᠮ ᠤᠨ ᠳᠠᠬᠢᠨ ᠬᠢᠨᠠᠬᠤ ᠬᠡᠪᠴᠢᠶᠡᠨ ᠳᠤ ᠣᠷᠤᠭᠤᠯᠤᠨ᠎ᠠ᠃      ᠭᠤᠷᠪᠠ᠂ ᠬᠢᠷᠢ ᠬᠡᠮ ᠢ ᠳᠠᠬᠢᠨ ᠬᠢᠨᠠᠬᠤ      ︵ᠨᠢᠭᠡ︶ ᠤᠷᠢᠭᠳᠠᠬᠤ ᠬᠥᠮᠥᠨ ᠬᠢᠷᠢ ᠬᠡᠮ ᠤᠨ ᠳᠠᠬᠢᠨ ᠰᠢᠭᠦᠯᠲᠡ ᠳᠤ ᠣᠷᠣᠯᠴᠠᠬᠤ ᠦᠶ᠎ᠡ ᠳᠤ ᠡᠷᠬᠡᠪᠰᠢ ᠳᠣᠣᠷᠠᠬᠢ ᠮᠡᠲ᠋ᠧᠷᠢᠶᠠᠯ ᠢ ᠲᠤᠰᠢᠶᠠᠬᠤ ᠬᠡᠷᠡᠭᠲᠡᠢ      1. ︽ᠨᠡᠷ᠎ᠡ ᠮᠡᠳᠡᠭᠦᠯᠬᠦ ᠬᠦᠰᠦᠨᠦᠭᠲᠦ︾      2. ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠃      3. ᠳᠡᠭᠦᠰᠦᠭᠰᠡᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ᠃      4. ᠬᠦᠴᠦᠨ ᠲᠠᠢ ᠬᠤᠭᠤᠴᠠᠭᠠᠨ ᠳᠠᠬᠢ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠳ᠋ᠷᠣᠨ ᠳᠠᠩᠰᠠᠯᠠᠯᠲᠠ ᠶᠢᠨ ᠬᠦᠰᠦᠨᠦᠭᠲᠦ᠃      5. ᠰᠠᠭᠤᠭ᠎ᠠ ᠰᠢᠶᠠᠩ ᠪᠠᠯᠭᠠᠰᠤᠨ ᠤ ᠨᠠᠮ ᠤᠨ ᠬᠤᠷᠢᠶᠠᠨ ᠠᠴᠠ ᠭᠠᠷᠭᠠᠭᠰᠠᠨ ᠲᠤᠰᠢᠶᠠᠯ ᠬᠠᠷᠢᠭᠤᠴᠠᠭᠰᠠᠨ ᠪᠦᠬᠦᠯᠢ 3 ᠵᠢᠯ ᠤᠨ ᠭᠡᠷᠡᠴᠢ ᠮᠠᠲ᠋ᠧᠷᠢᠶᠠᠯ ᠪᠠ ᠬᠠᠭᠤᠯᠪᠤᠷᠢ᠃     6. ᠪᠦᠬᠦᠯᠢ 45 ᠨᠠᠰᠤᠨ ᠠᠴᠠ ᠳᠣᠷᠣᠭᠰᠢ ᠪᠣᠯᠲᠠᠯ᠎ᠠ ᠠᠭᠤᠵᠢᠭᠤ ᠲᠠᠯᠪᠢᠵᠤ ᠤᠳᠤ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠪᠠᠶᠢᠭ᠎ᠠ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠠᠴᠠ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠪᠦᠷᠢᠯᠳᠦᠬᠦᠨ ᠢ ᠪᠦᠬᠦᠯᠢ 3 ᠵᠢᠯ ᠪᠣᠯᠭᠠᠭᠰᠠᠨ ᠪᠥᠭᠡᠳ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠪᠦᠬᠦᠯᠢ 1 ᠵᠢᠯ ᠪᠣᠯᠭᠠᠭᠰᠠᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠬᠢᠵᠦ ᠥᠭᠭᠦᠨ᠎ᠡ︔      7. ᠪᠠᠶᠢᠭ᠎ᠠ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠠᠴᠠ ᠣᠶᠢᠷ᠎ᠠ ᠶᠢᠨ 3 ᠵᠢᠯ ᠤᠨ ᠬᠢᠨᠠᠨ ᠰᠢᠯᠭᠠᠯᠲᠠ ᠶᠢᠨ ᠦᠷ᠎ᠡ ᠳ᠋ᠦᠩ ᠤᠨ ᠤᠭ ᠮᠠᠲ᠋ᠧᠷᠢᠶᠠᠯ ᠪᠠ ᠬᠠᠭᠤᠯᠪᠤᠷᠢ ᠃      ︵ᠬᠤᠶᠠᠷ︶ ᠬᠢᠷᠢ ᠭᠡᠮ ᠢ ᠳᠠᠬᠢᠨ ᠬᠢᠨᠠᠬᠤ ᠴᠠᠭ ᠵᠢᠴᠢ ᠠᠷᠭ᠎ᠠ ᠮᠠᠶ᠋ᠢᠭ      1. ᠬᠢᠷᠢ ᠬᠡᠮ ᠢ ᠲᠠᠭᠢᠨ ᠬᠢᠨᠠᠬᠤ ᠴᠠᠭ      2024 ᠣᠨ ᠤ 5 ᠰᠠᠷ᠎ᠠ ᠶᠢᠨ 31᠎ ᠤ ᠡᠳᠦᠷ ᠠᠴᠠ 2024 ᠣᠨ ᠤ 6 ᠰᠠᠷ᠎ᠠ ᠶᠢᠨ 4᠎ ᠤ ᠡᠳᠦᠷ ᠪᠣᠯᠲᠠᠯ᠎ᠠ᠃      2. ᠬᠢᠷᠢ ᠭᠡᠮ ᠢ ᠬᠢᠨᠠᠨ ᠪᠠᠶᠢᠴᠠᠭᠠᠬᠤ ᠠᠷᠭ᠎ᠠ ᠮᠠᠶ᠋ᠢᠭ      ᠬᠢᠷᠢ ᠬᠡᠮ ᠢ ᠳᠠᠬᠢᠨ ᠬᠢᠨᠠᠬᠤ ᠬᠦᠷᠢᠶ᠎ᠡ ᠬᠡᠪᠴᠢᠶᠡᠨ ᠳᠤ ᠪᠠᠶᠢᠭ᠎ᠠ ᠬᠥᠮᠦᠰ ᠪᠠᠶᠢᠭ᠎ᠠ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ᠬᠢᠷᠢ ᠬᠡᠮ ᠢ ᠳᠠᠬᠢᠨ ᠬᠢᠨᠠᠬᠤ ᠳᠤ ᠬᠡᠷᠡᠭᠰᠡᠬᠦ ᠮᠠᠲ᠋ᠧᠷᠢᠶᠠᠯ ᠢ ᠲᠤᠰᠢᠶᠠᠨ᠎ᠠ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠠᠬᠢ ᠬᠥᠮᠦᠰ ᠤᠨ ᠨᠠᠰᠤ ᠵᠢᠯ᠂ ᠰᠤᠷᠤᠯᠭ᠎ᠠ ᠶᠢᠨ ᠨᠠᠮᠲᠠᠷ᠂ ᠲᠤᠰᠢᠶᠠᠯ ᠡᠭᠦᠷᠭᠡᠯᠡᠬᠦ ᠬᠤᠭᠤᠴᠠᠭ᠎ᠠ᠂ ᠱᠠᠩᠨᠠᠵᠤ ᠲᠣᠷᠭᠠᠬᠤ ᠵᠡᠷᠭᠡ ᠬᠢᠷᠢ ᠬᠡᠮ ᠤᠨ ᠨᠥᠬᠦᠴᠡᠯ ᠢ ᠬᠢᠨᠠᠨ ᠪᠠᠶᠢᠴᠠᠭᠠᠬᠤ ᠶᠢᠨ ᠬᠠᠮᠲᠤ ︽ᠤᠷᠢᠭᠳᠠᠭᠰᠠᠳ ᠤᠨ ᠬᠢᠷᠢ ᠬᠡᠮ ᠢ ᠳᠠᠬᠢᠨ ᠬᠢᠨᠠᠭᠰᠠᠨ ᠪᠠᠶᠢᠳᠠᠯ ᠤᠨ ᠬᠤᠷᠢᠶᠠᠩᠭᠤᠶ ᠬᠦᠰᠦᠨᠦᠭᠲᠦ︾᠎ ᠶᠢ ᠲᠠᠭᠯᠠᠵᠤ᠂ 2024 ᠣᠨ ᠤ 6 ᠰᠠᠷ᠎ᠠ ᠶᠢᠨ 3᠎ ᠤ ᠡᠳᠦᠷ ᠤᠨ ᠦᠳᠡ ᠶᠢᠨ ᠬᠤᠶᠢᠨ᠎ᠠ ᠠᠵᠢᠯ ᠠᠴᠠ ᠪᠠᠭᠤᠬᠤ ᠠᠴᠠ ᠡᠮᠦᠨ᠎ᠡ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠠᠬᠢ ᠬᠥᠮᠦᠰ ᠤᠨ ᠬᠤᠯᠪᠣᠭᠳᠠᠯ ᠪᠥᠬᠦᠶ ᠮᠠᠲ᠋ᠧᠷᠢᠶᠠᠯ ᠢ ᠠᠵᠢᠯᠲᠠᠨ ᠡᠯᠰᠡᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠨᠠᠮ ᠵᠠᠰᠠᠭ ᠤᠨ ᠡᠮᠦᠨ᠎ᠡ ᠠᠰᠠᠷ ᠤᠨ 304 ᠲᠠᠰᠤᠭ︶᠎ ᠳᠤ ᠨᠢᠭᠡᠳᠦᠯᠲᠡᠶ ᠮᠡᠳᠡᠭᠦᠯᠵᠦ ᠬᠤᠶᠠᠳᠠᠬᠢ ᠤᠳᠠᠭ᠎ᠠ ᠬᠢᠨᠠᠨ  ᠪᠠᠶᠢᠴᠠᠭᠠᠨ᠎ᠠ᠃ ᠤᠷᠢᠵᠤ ᠡᠯᠰᠡᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠰᠠᠨᠠᠯ ᠢ ᠨᠢᠭᠡᠳᠦᠯᠲᠡᠶ  ᠬᠤᠷᠢᠶᠠᠨ᠎ᠠ᠃      ︵ᠭᠤᠷᠪᠠ︶ ᠨᠢᠭᠤᠷᠲᠠᠨ ᠰᠢᠯᠭᠠᠬᠤ ᠬᠡᠪᠴᠢᠶ᠎ᠡ ᠶᠢᠨ ᠬᠥᠮᠥᠨ ᠤ ᠨᠡᠷᠡᠰ ᠢ ᠨᠡᠶᠢᠲᠡᠯᠡᠨ᠎ᠡ      ᠬᠢᠨᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠨᠢᠭᠤᠷᠲᠠᠨ ᠰᠢᠯᠭᠠᠬᠤ ᠬᠡᠪᠴᠢᠶᠡᠨ ᠳᠤ ᠣᠷᠣᠬᠤ ᠬᠥᠮᠦᠰ ᠤᠨ ᠨᠡᠷᠡᠰ ᠢ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ ᠨᠡᠶᠢᠲᠡᠯᠡᠨ᠎ᠡ᠃      ᠳᠥᠷᠪᠡ᠂ ᠪᠤᠰᠤᠳ ᠵᠦᠢᠯᠡᠰ ᠢ ᠠᠰ ᠲᠤᠨᠢ ᠮᠡᠳᠡᠭᠳᠡᠨ᠎ᠡ᠃      ᠬᠢᠨᠠᠯᠲᠠ ᠲᠠᠯᠪᠢᠬᠤ ᠤᠲᠠᠰᠤ᠄ 0474 - 7212961      ᠴᠠᠬᠢᠯᠭᠠᠨ ᠮᠡᠳᠡᠭᠡᠨ ᠤ ᠮᠡᠷᠭᠡᠵᠢᠯ ᠤᠨ ᠯᠠᠪᠯᠠᠯᠭ᠎ᠠ ᠶᠢᠨ ᠤᠲᠠᠰᠤ᠄ 0471 - 3122587      ᠰᠢᠩ ᠾᠧ ᠰᠢᠶᠠᠨ ᠤ 2024 ᠣᠨ ᠳᠤ ᠠᠵᠢᠯ ᠦᠢᠯᠡᠰ ᠤᠨ ᠨᠢᠭᠡᠴᠢ ᠰᠢᠯᠢᠳᠡᠭ ᠲᠣᠰᠬᠤᠨ ᠤ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ ᠤ ᠤᠳᠤᠷᠢᠳᠬᠤ ᠳᠤᠭᠤᠶᠢᠯᠠᠩ ᠢ ᠲᠤᠰᠬᠠᠶ ᠤᠷᠢᠵᠤ ᠡᠯᠰᠡᠪᠡ                                     2024 ᠣᠨ ᠤ 5 ᠰᠠᠷ᠎ᠠ ᠶᠢᠨ 29᠎ ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3