ᠯᠢ ᠺᠠᠶ ᠳ᠋ᠦᠩ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/30
    5 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠠᠷᠠᠳ ᠤᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ ᠤᠢᠢᠷ᠎ᠠ ᠶᠢᠨ ᠬᠤᠭᠤᠴᠠᠭᠠᠨ ᠤ ᠠᠷᠠᠳ ᠤᠨ ᠠᠮᠢᠳᠤᠷᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠤᠨ ᠬᠦᠷᠢᠶᠡᠨ ᠤ ᠠᠵᠢᠯ ᠨᠢ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠲᠠᠢ ᠬᠤᠯᠪᠣᠯᠳᠤᠵᠤ᠂ ᠨᠥᠭᠦᠭᠡ ᠲᠠᠯ᠎ᠠ ᠪᠠᠷ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠪᠠᠭ᠎ᠠ ᠶᠠᠪᠤᠳᠠᠯ ᠦᠭᠡᠢ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠠᠵᠢᠯ ᠤᠨ ᠡᠷᠴᠢ ᠵᠣᠷᠢᠭ ᠢᠶᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ  ᠴᠢᠩᠭᠠᠳᠬᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠢᠳᠡᠪᠬᠢᠲᠡᠢ ᠠᠵᠢᠯᠯᠠᠵᠤ᠂ ᠰᠢᠶᠠᠩ ᠪᠠᠯᠭᠠᠰᠤ ᠲᠠᠢ ᠨᠢᠭᠲᠠ ᠬᠠᠮᠵᠢᠯᠴᠠᠵᠤ᠂ ᠵᠣᠬᠢᠴᠠᠭᠤᠯᠤᠨ ᠬᠠᠮᠲᠤᠷᠠᠯᠴᠠᠵᠤ᠂ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠵᠢᠯ ᠢ ᠥᠪᠡᠰᠦᠪᠡᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠨᠠᠷᠢᠨ ᠬᠢᠨᠠᠮᠠᠭᠠᠶ ᠵᠠᠳᠠᠯᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ︔ ᠤᠯᠠᠨ ᠲᠦᠮᠡᠨ ᠤ ᠠᠵᠢᠯ ᠢ ᠥᠷᠨᠢᠭᠦᠯᠬᠦ ᠳᠡᠭᠡᠨ ᠠᠵᠢᠯ ᠤᠨ ᠠᠷᠭ᠎ᠠ ᠬᠡᠯᠪᠡᠷᠢ ᠶᠢ ᠠᠩᠬᠠᠷᠴᠤ᠂ ᠢᠮᠠᠭᠲᠠ ᠤᠯᠠᠨ ᠲᠦᠮᠡᠨ ᠤ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠡᠷᠬᠡ ᠪᠠᠨ ᠠᠷᠠᠳ ᠲᠦᠮᠡᠨ ᠤ ᠲᠥᠯᠥᠭᠡ ᠬᠡᠷᠡᠭᠯᠡᠵᠦ᠂ ᠬᠠᠶᠢᠷ᠎ᠠ ᠰᠡᠳᠬᠢᠯᠭᠡ ᠪᠠᠨ ᠠᠷᠠᠳ ᠲᠦᠮᠡᠨ ᠤ ᠲᠥᠯᠥᠭᠡ ᠬᠡᠷᠡᠭᠯᠡᠵᠦ᠂ ᠠᠰᠢᠭ ᠲᠤᠰᠠ ᠶᠢ ᠠᠷᠠᠳ ᠲᠦᠮᠡᠨ ᠳᠤ ᠣᠯᠭᠤᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3