ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/30
     5 ᠰᠠᠷ᠎ᠠ ᠶᠢᠨ 29 ᠤ ᠡᠳᠦᠷ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠧᠤ ᠷᠦᠢ ᠵᠢᠶᠦ᠋ᠨ ᠲᠣᠰ ᠤᠳᠠᠭᠠᠨ ᠤ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃      ᠯᠢ ᠼᠠᠢ ᠴᠢᠩ ᠬᠡᠯᠡᠬᠦ ᠳᠡᠭᠡᠨ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠵᠢᠩᠬᠢᠨᠢ ᠪᠠᠷ ᠪᠠᠶᠢᠭᠤᠯᠤᠭᠳᠠᠭᠰᠠᠨ ᠶᠠᠪᠤᠳᠠᠯ ᠪᠣᠯ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠪᠠᠰᠠ ᠴᠤ ᠮᠠᠨ ᠤ ᠰᠢᠶᠠᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠪᠠᠰᠠ ᠨᠢᠭᠡᠨ ᠪᠣᠳᠠᠲᠤ ᠠᠵᠢᠯᠯᠠᠭ᠎ᠠ ᠮᠥᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠦᠷᠦᠯ ᠲᠡᠮᠳᠡᠭ ᠤᠨ ᠲᠠᠪᠴᠠᠩ ᠢ ᠪᠠᠶᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠭᠤᠰᠤᠯᠴᠠᠯ ᠨᠢ ᠵᠢᠩᠬᠢᠨᠢ ᠪᠠᠷ ︽ᠲᠦᠷᠭᠡᠨ ᠵᠠᠮ︾ ᠳᠤ ᠤᠷᠤᠭᠰᠠᠨ ᠢ ᠬᠠᠷᠠᠭᠤᠯᠵᠤ ᠪᠠᠶᠢᠨ᠎ᠠ᠂ ᠡᠨᠡ ᠨᠢ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3