ᠰᠠᠶᠢᠬᠤᠰᠤ ᠪᠠᠯᠭᠠᠰᠤ᠂ ᠡᠷᠳᠡᠨᠢ ᠪᠠᠯᠭᠠᠰᠤᠨ ᠤ ᠣᠯᠠᠨ ᠵᠦᠢᠯ ᠤᠨ ᠬᠡᠯᠪᠡᠷᠢ ᠪᠠᠷ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/5/30
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠠᠶᠢᠬᠤᠰᠤ ᠪᠠᠯᠭᠠᠰᠤ᠂ ᠡᠷᠳᠡᠨᠢ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠢᠳᠡᠪᠬᠢᠲᠡᠶ ᠵᠣᠬᠢᠶᠠᠨ ᠪᠠᠶᠢᠭᠤᠯᠵᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ  ᠬᠦᠳᠡᠯᠭᠡᠭᠡᠨ ᠥᠷᠨᠢᠭᠦᠯᠪᠡ᠃      ᠰᠠᠶᠢᠬᠤᠰᠤ ᠪᠠᠯᠭᠠᠰᠤ ᠬᠠᠮᠢᠶ᠎ᠠ ᠪᠦᠬᠦᠢ ᠠᠵᠢᠯᠲᠠᠨ ᠪᠣᠯᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠤᠨ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ᠂ ᠲᠠᠷᠢᠶᠠᠨ ᠭᠠᠵᠠᠷ ᠵᠡᠷᠭᠡ ᠭᠠᠵᠠᠷ ᠲᠤ ᠬᠦᠷᠴᠦ᠂ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠭᠤᠤᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠪᠠᠷ ᠳᠠᠮᠵᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ︵ᠳᠡᠪᠲᠡᠷ︶ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠪᠡ᠃ ᠡᠷᠳᠡᠨᠢ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠷ᠎ᠠ ᠶᠢᠨ ᠰᠤᠷᠪᠤᠯᠵᠢᠯᠠᠬᠤ ᠠᠵᠢᠯᠯᠠᠭ᠎ᠠ ᠲᠠᠢ ᠤᠶᠠᠯᠳᠤᠭᠤᠯᠤᠨ᠂ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠤᠪᠤᠭ᠎ᠠ ᠲᠣᠰᠬᠤᠨ ᠪᠠ ᠮᠦ ᠳ᠋ᠦᠩ ᠲᠣᠰᠬᠤᠨ ᠤ ᠠᠷᠠᠳ ᠲᠤ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠲᠣᠰᠬᠤᠨ ᠤ ᠠᠷᠠᠳ ᠵᠦ ᠡᠤ ᠭᠧ ᠶᠢᠨ ᠬᠡᠷ ᠲᠤ᠂ ᠲᠥᠯᠥᠭᠡᠯᠡᠭᠴᠢ ᠭᠡᠰᠢᠭᠦᠳ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠣᠳᠣᠬᠠᠨ ᠤ  ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠭᠰᠠᠨ ᠪᠥᠭᠡᠳ ᠲᠡᠭᠦᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠪᠠ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠪᠠ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠃ ᠡᠯ᠎ᠡ ᠰᠢᠶᠠᠩ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠲᠥᠯᠥᠭᠡᠯᠡᠭᠴᠢ ᠭᠡᠰᠢᠭᠦᠳ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠡᠷᠡᠰ ᠪᠠᠲᠤ ᠴᠢᠨᠠᠷ ᠪᠠ ᠤᠬᠠᠮᠰᠠᠷᠲᠤ ᠴᠢᠨᠠᠷ ᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠲᠠᠯ᠎ᠠ ᠪᠠᠷ ᠨᠠᠩ ︽ᠲᠥᠷᠥᠭᠳᠡᠯ ᠲᠠᠢ︾ ᠪᠣᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠠᠩ ︽ᠪᠦᠲᠦᠮᠵᠢᠲᠡᠶ ᠪᠠᠶᠢᠬᠤ︾ ᠶᠢ ᠠᠬᠢᠭᠤᠯᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3