ᠰᠢᠩ ᠾᠧ ᠰᠢᠶᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠥᠨᠢ ᠪᠠᠷ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/31
     ᠮᠠᠨ ᠤ ᠰᠢᠶᠠᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ 5 ᠰᠠᠷ᠎ᠠ ᠶᠢᠨ 29᠎ ᠤ ᠡᠳᠦᠷ ᠤᠨ ᠣᠷᠣᠶ᠂ ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠪᠠᠶᠢᠴᠠᠭᠠᠬᠤ ᠠᠵᠢᠯᠲᠠᠨ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠣᠷᠣᠨ ᠰᠠᠭᠤᠴᠠ ᠶᠢᠨ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡ ᠵᠡᠷᠭᠡ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠶᠢ ᠵᠣᠭᠰᠣᠭᠠᠵᠤ᠂ ᠲᠣᠭᠲᠠᠭᠠᠯ ᠠᠴᠠ ᠵᠥᠷᠢᠴᠡᠨ ︽ᠠᠰᠠᠷ ᠲᠤ ᠣᠷᠣᠵᠤ ᠡᠷᠦᠬᠡ ᠳᠤ ᠣᠷᠣᠬᠤ︾᠂ ︽ᠤᠲᠠᠰᠤ ᠪᠠᠷ ᠴᠠᠬᠢᠯᠭᠠᠨ ᠴᠡᠨᠡᠭᠯᠡᠬᠦ︾ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠭᠰᠣᠭᠠᠵᠤ ᠴᠠᠬᠢᠯᠭᠠᠨ ᠴᠡᠨᠡᠭᠯᠡᠬᠦ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠨᠥᠬᠦᠴᠡᠯ ᠢ ᠪᠦᠷᠢᠳᠦᠭᠦᠯᠦᠭᠰᠡᠨ ᠥᠬᠡᠶ ᠵᠡᠷᠭᠡ ᠠᠰᠠᠭᠤᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃      ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠪᠠᠶᠢᠴᠠᠭᠠᠬᠤ ᠠᠵᠢᠯᠲᠠᠨ ᠰᠠᠭᠤᠭᠠᠯᠢ ᠠᠷᠠᠳ ᠣᠯᠠᠨ ᠳᠤ ᠭᠡᠷ ᠳᠣᠲᠣᠷ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠭᠠᠯ ᠤᠨ ᠠᠶᠤᠯ ᠭᠠᠷᠬᠤ ᠶᠢ ᠦᠨᠳᠦᠰᠦ ᠰᠤᠷᠪᠤᠯᠵᠢ ᠠᠴᠠ ᠨᠢ ᠬᠤᠷᠢᠭᠯᠠᠬᠤ ᠪᠠ ᠪᠠᠭᠠᠰᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠠᠳᠡᠯ ᠢ ᠪᠦᠬᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠶ ᠭᠡᠵᠦ ᠰᠠᠨᠠᠭᠤᠯᠪᠠ᠃      ᠲᠣᠰ ᠤᠳᠠᠭᠠᠨ ᠤ ᠬᠠᠮᠲᠤᠷᠠᠭᠰᠠᠨ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠨᠢᠭᠡᠴᠢ ᠶᠢᠨ ᠭᠠᠯ ᠤᠨᠲᠠᠷᠠᠭᠠᠬᠤ ᠣᠷᠴᠢᠨ ᠲᠣᠭᠤᠷᠢᠨ ᠢ ᠴᠡᠪᠡᠷᠰᠢᠭᠦᠯᠵᠦ᠂ ᠰᠢᠶᠠᠨ ᠤ ᠬᠡᠪᠴᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3