ᠴᠢᠰᠤᠨ ᠳᠠᠷᠤᠯᠲᠠ ᠥᠨᠳᠥᠷ ᠡᠪᠡᠳᠴᠢᠲᠡᠨ ᠠᠯᠢ ᠠᠯᠢ ᠢᠳᠡᠭᠡᠨ ᠢ ᠳᠤᠲᠠᠭᠤ ᠢᠳᠡᠬᠦ ᠪᠣᠢ︖
ᠨᠡᠶᠢᠲᠡᠯᠡᠭᠰᠡᠨ ᠴᠠᠭ᠄
2024/5/5
     ᠴᠢᠰᠤᠨ ᠳᠠᠷᠤᠯᠲᠠ ᠥᠨᠳᠥᠷ ᠪᠣᠯ ᠨᠢᠭᠡ ᠵᠦᠢᠯ ᠤᠨ ᠦᠷᠭᠦᠯᠵᠢ ᠲᠣᠬᠢᠶᠠᠯᠳᠤᠳᠠᠭ ᠤᠳᠠᠭᠠᠨ ᠴᠢᠨᠠᠷᠲᠠᠢ ᠡᠪᠡᠳᠴᠢᠨ᠂ ᠵᠦᠢ ᠵᠣᠬᠢᠰ ᠦᠭᠡᠢ ᠢᠳᠡᠭᠡᠨ ᠤᠮᠳᠠᠭᠠᠨ ᠪᠣᠯ ᠲᠡᠭᠦᠨ ᠤ ᠴᠢᠬᠤᠯᠠ ᠠᠶᠤᠯᠲᠠᠢ ᠬᠦᠴᠦᠨ ᠵᠦᠢᠯ ᠪᠣᠯᠤᠨ᠎ᠠ᠂ ᠨᠠᠳ᠋ᠷᠢ ᠶᠡᠭᠡ᠂ ᠺᠠᠯᠢ ᠪᠠᠭ᠎ᠠ ᠢᠳᠡᠭᠡᠨ ᠤᠮᠳᠠᠭᠠᠨ᠂ ᠬᠡᠲᠦᠷᠡᠲᠡᠯ᠎ᠡ ᠠᠷᠢᠬᠢ ᠤᠤᠭᠤᠬᠤ ᠵᠡᠷᠭᠡ ᠪᠠᠭᠲᠠᠨ᠎ᠠ᠃ ᠬᠤᠭᠤᠯᠠ ᠤᠮᠳᠠᠭᠠᠨ ᠢ ᠬᠠᠮᠢᠶᠠᠷᠬᠤ ᠶᠠᠪᠤᠳᠠᠯ ᠪᠣᠯ ᠤᠯᠤᠰ ᠤᠨ ᠳᠣᠲᠣᠭᠠᠳᠤ ᠭᠠᠳᠠᠭᠠᠳᠤ ᠶᠢᠨ ᠮᠡᠳᠡᠷᠡᠭᠰᠡᠨ ᠴᠢᠰᠤᠨ ᠳᠠᠷᠤᠯᠲᠠ ᠶᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠣᠯᠬᠤᠷ ᠴᠢᠰᠤᠨ ᠳᠠᠷᠤᠯᠲᠠ ᠶᠢ ᠰᠠᠶᠢᠵᠢᠷᠠᠭᠤᠯᠬᠤ ᠳᠤ ᠲᠦᠢᠯ ᠤᠨ ᠴᠢᠬᠤᠯᠠ ᠶᠤᠮ᠃      ᠲᠠᠨᠢᠯᠴᠠᠭᠤᠯᠤᠭᠰᠠᠨ ᠢᠳᠡᠭᠡᠨ᠄      ᠡᠯᠪᠡᠭ ᠺᠠᠯᠢ ᠶᠢᠨ ᠢᠳᠡᠬᠡᠨ᠄      ᠲᠥᠮᠥᠰᠥ᠂ ᠮᠥᠬᠦ᠂ ᠥᠷᠭᠡᠰᠦᠲᠦ ᠨᠣᠭᠤᠭ᠎ᠠ ᠵᠡᠷᠭᠡ᠃ ᠪᠥᠭᠡᠷᠡᠨ ᠤ ᠠᠵᠢᠯᠯᠠᠭ᠎ᠠ ᠬᠡᠪ ᠤᠨ ᠪᠤᠰᠤ ᠬᠥᠮᠦᠰ᠂ ᠺᠠᠯᠢ ᠢᠶᠣᠨ ᠤ ᠡᠮ ᠢ ᠠᠷᠢᠯᠭᠠᠵᠤ ᠡᠳᠡᠬᠦ ᠵᠠᠷᠢᠮ ᠡᠪᠡᠳᠴᠢᠲᠡᠨ ᠢ ᠢᠳᠡᠵᠦ ᠪᠣᠢ᠂ ᠬᠤᠭᠤᠯᠠ ᠤᠮ ᠳᠠ ᠪᠠᠨ ᠡᠮᠴᠢ ᠶᠢᠨ ᠵᠢᠭᠠᠪᠤᠷᠢ ᠶᠢ ᠵᠢᠷᠤᠮᠯᠠᠵᠤ᠂ ᠺᠠᠯᠢ ᠶᠡᠬᠡᠲᠡᠢ ᠴᠢᠰᠤᠨ ᠡᠮᠭᠡᠭ ᠡᠭᠦᠰᠬᠦ ᠲᠦᠭᠱᠢᠭᠦᠷᠢ ᠶᠢ ᠪᠠᠭᠠᠰᠬᠠᠨ᠎ᠠ᠃      ᠺᠠᠯᠼ᠂ ᠸᠢᠲ᠋ᠠᠮᠢᠨ ᠪᠠ ᠪᠢᠴᠢᠯ ᠡᠯᠧᠮᠧᠨ᠋ᠲ ᠲᠠᠢ ᠬᠤᠭᠤᠯᠠ ᠬᠦᠨᠡᠰᠦ᠄      ᠰᠢᠨ᠎ᠡ ᠰᠣᠷᠭᠤᠭ ᠨᠣᠭᠤᠭ᠎ᠠ᠂ ᠵᠢᠮᠢᠰ᠂ ᠬᠠᠷ᠎ᠠ ᠮᠢᠬ᠎ᠠ ᠵᠡᠷᠭᠡ᠃      ᠴᠢᠨᠠᠷ ᠰᠠᠶᠢᠲᠠᠢ ᠤᠭᠤᠷᠠᠭ᠂ ᠥᠭᠡᠬᠦ ᠪᠠᠭ᠎ᠠ ᠲᠠᠢ᠂ ᠾᠣᠯᠧᠰᠲ᠋ᠧᠷᠢᠨ ᠪᠠᠭᠠᠰᠤᠭᠰᠠᠨ ᠢᠳᠡᠭᠡᠨ᠄      ᠥᠭᠡᠬᠦ ᠪᠠᠭ᠎ᠠ ᠲᠠᠢ ᠰᠦᠨ ᠲᠠᠯᠬ᠎ᠠ᠂ ᠵᠢᠭᠠᠰᠤᠨ ᠤ ᠲᠥᠷᠥᠯ᠂ ᠪᠤᠷᠴᠠᠭᠠᠨ ᠤ ᠪᠦᠲᠦᠭᠡᠭᠳᠡᠬᠦᠨ ᠵᠡᠷᠭᠡ᠃      ᠢᠳᠡᠬᠦ ᠶᠢ ᠴᠠᠭᠠᠵᠠᠯᠠᠬᠤ ᠪᠤᠶᠤ ᠪᠠᠭ᠎ᠠ ᠢᠳᠡᠬᠦ ᠶᠠᠭᠤᠮ᠎ᠠ᠄      ᠨᠠᠳ᠋ᠷᠢ ᠶᠡᠬᠡᠲᠡᠢ ᠢᠳᠡᠭᠡᠨ᠄      ᠵᠢᠱᠢᠶᠡᠯᠡᠪᠡᠯ ᠳᠠᠪᠤᠰᠤᠯᠠᠭᠰᠠᠨ ᠢᠳᠡᠭᠡᠨ ᠰᠢᠷᠠᠮ ᠵᠡᠷᠭᠡ᠃      ᠥᠭᠡᠬᠦ ᠶᠡᠭᠡ᠂ ᠾᠣᠯᠧᠰᠲ᠋ᠧᠷᠤᠯ ᠶᠡᠬᠡᠲᠡᠢ ᠢᠳᠡᠭᠡᠨ᠄     ᠠᠮᠢᠲᠠᠨ ᠤ ᠳᠣᠲᠣᠷ ᠡᠷᠬᠡᠲᠡᠨ᠂ ᠲᠠᠷᠭᠤᠨ ᠮᠢᠬ᠎ᠠ᠂ ᠥᠳᠬᠡᠨ ᠱᠥᠯᠥ ᠭᠡᠬᠦ ᠮᠡᠲᠡ᠃      ᠰᠥᠷᠬᠦ ᠥᠭᠡᠬᠦ ᠬᠦᠴᠢᠯ ᠲᠠᠢ ᠬᠤᠭᠤᠯᠠ᠄      ᠤᠷᠲᠤ ᠬᠤᠭᠤᠴᠠᠭ᠎ᠠ ᠪᠠᠷ ᠬᠠᠭᠠᠷᠢᠭᠰᠠᠨ ᠬᠤᠭᠤᠯᠠ ᠤᠮᠳᠠ᠃      ᠰᠡᠳᠡᠯᠳᠡᠳᠦ ᠤᠮᠳᠠᠭᠠᠨ᠄     ᠥᠳᠬᠡᠨ ᠺᠣᠹᠧ᠂ ᠥᠳᠬᠡᠨ ᠴᠠᠢ᠃           ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    

 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3