ᠯᠢ ᠺᠠᠶ ᠳ᠋ᠦᠩ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ᠂ ᠣᠶ ᠰᠢᠭᠤᠶ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/6
     4 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ᠂ ᠣᠶ ᠰᠢᠭᠤᠶ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠶ ᠳ᠋ᠦᠩ ᠨᠡᠷ ᠤᠷᠢᠳ ᠬᠤᠵᠢᠳ ᠹᠦ᠋ ᠷᠦᠢ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠭᠤᠸᠠᠩ ᠬᠤᠸᠠ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠢᠨᠵᠧᠨᠧᠷᠢᠩ ︵ᠨᠢᠭᠡᠳᠦᠭᠡᠷ ᠬᠤᠭᠤᠴᠠᠭ᠎ᠠ︶ ᠤᠨ ᠲᠥᠷᠥᠯ ᠵᠦᠢᠯ᠂ ᠤᠶᠤᠨᠲᠤ ᠲᠠᠷᠢᠶᠠᠯᠠᠩ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠂ ᠰᠤᠮᠤᠨ ᠠᠭᠤᠯᠠ ᠶᠢᠨ ᠣᠶ ᠰᠢᠭᠤᠶ ᠶᠢᠨ ᠲᠠᠯᠠᠪᠠᠶ ᠳᠤ ᠭᠦᠨᠵᠡᠭᠡᠶᠢᠷᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠰᠤᠮᠤᠨ ᠠᠭᠤᠯᠠ ᠶᠢᠨ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ᠂ ᠠᠶᠤᠯᠭᠦᠶ ᠦᠢᠯᠡᠳᠪᠦᠷᠢᠯᠡᠯ ᠤᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠠᠳᠠᠯᠤᠨ ᠰᠤᠳᠤᠯᠤᠭᠰᠠᠨ ᠪᠥᠭᠡᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠬᠢᠨ ᠴᠢᠨᠠᠷ ᠴᠢᠨᠰᠠᠭ᠎ᠠ ᠶᠢ ᠪᠠᠲᠤᠯᠠᠨ ᠠᠬᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃      ᠯᠢ ᠺᠠᠶ ᠳ᠋ᠦᠩ ᠬᠡᠯᠡᠬᠦ ᠳᠡᠭᠡᠨ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠹᠦ᠋ ᠷᠦᠢ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠬᠤ ᠬᠡᠷᠡᠭᠲᠡᠶ︔ ᠡᠯ᠎ᠡ ᠲᠦᠷᠦᠯ ᠤᠨ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠶᠢᠨ ᠬᠤᠭᠤᠴᠠᠭᠠᠨ ᠤ ᠠᠬᠢᠴᠠ ᠶᠢ ᠪᠠᠲᠤᠯᠠᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠤᠢ ᠰᠢᠭᠤᠢ ᠶᠢᠨ ᠲᠠᠯᠠᠪᠠᠢ ᠶᠢᠨ ᠤᠢ ᠰᠢᠭᠤᠢ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠢᠷᠡᠯᠲᠡ ᠶᠢ ᠴᠢᠩᠭ᠎ᠠ ᠡᠵᠡᠮᠳᠡᠵᠦ᠂ ᠠᠮᠢ ᠠᠬᠤᠢ ᠶᠢ ᠬᠠᠮᠠᠭᠠᠯᠠᠬᠤ᠂ ᠤᠢ ᠰᠢᠭᠤᠢ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠵᠦ᠂ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠪᠠᠨ ᠬᠠᠮᠲᠤᠪᠠᠷ ᠳᠡᠭᠡᠭᠰᠢᠯᠡᠭᠦᠯᠬᠦ ᠬᠡᠷᠡᠭᠲᠡᠢ᠃     ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠵᠤᠶᠢᠯ ᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠠᠬᠢᠴᠠ ᠶᠢ ᠴᠢᠩᠭ᠎ᠠ ᠠᠳᠬᠤᠵᠤ᠂ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠪᠣᠯ ᠴᠢᠬᠤᠯᠠ ᠠᠴᠠ ᠴᠢᠬᠤᠯᠠ ᠵᠦᠢᠯ ᠮᠥᠨ᠂ ᠡᠷᠬᠡᠪᠰᠢ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠰᠤᠮᠤᠨ ᠠᠭᠤᠯᠠ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠳᠤ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠡᠬᠢ ᠪᠠᠶᠠᠯᠢᠭ ᠤᠨ ᠬᠠᠮᠠᠭᠠᠯᠠᠯᠲᠠ ᠪᠠ ᠭᠠᠯ ᠰᠡᠷᠭᠡᠶᠢᠯᠡᠬᠦ ᠬᠠᠮᠢᠶᠠᠷᠤᠯᠲᠠ ᠶᠢ ᠴᠢᠩᠭᠠᠳᠬᠠᠨ᠂ ᠰᠤᠮᠤᠨ ᠠᠭᠤᠯᠠ ᠶᠢᠨ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3