ᠰᠢᠩ ᠾᠧ ᠰᠢᠶᠠᠨ ᠤ ᠰᠢᠭᠦᠬᠦ ᠬᠤᠷᠢᠶ᠎ᠠ ᠭᠦᠢᠴᠡᠳᠬᠡᠬᠦ ᠠᠷᠭ᠎ᠠ ᠪᠠᠷᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/5/7
      ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠦᠷᠭᠦᠯᠵᠢᠯᠡᠨ ᠪᠠᠶᠢᠭᠤᠯᠵᠤ᠂ ᠭᠦᠢᠴᠡᠳᠬᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠴᠢᠩᠭᠠᠷᠠᠭᠤᠯᠵᠤ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠶᠢᠨ ᠲᠥᠯᠥᠭᠡ᠂ ᠰᠢᠩ ᠾᠧ ᠰᠢᠶᠠᠨ ᠤ ᠰᠢᠭᠦᠬᠦ ᠬᠤᠷᠢᠶ᠎ᠠ ᠭᠦᠢᠴᠡᠳᠬᠡᠬᠦ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠡᠷᠡᠭ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃      ᠰᠢᠩ ᠾᠧ ᠰᠢᠶᠠᠨ ᠤ ᠰᠢᠭᠦᠬᠦ ᠬᠤᠷᠢᠶ᠎ᠠ ᠣᠯᠠᠨ ᠳᠤᠭᠤᠶᠢᠯᠠᠩ ᠬᠥᠳᠡᠯᠦᠯᠴᠡᠬᠦ᠂ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠭᠦᠢᠴᠡᠳᠭᠡᠭᠴᠢ ᠲᠠᠢ ᠶᠠᠷᠢᠯᠴᠠᠬᠤ ᠶᠢᠨ ᠬᠠᠮᠲᠤ ᠬᠤᠭᠤᠴᠠᠭ᠎ᠠ ᠲᠣᠭᠲᠠᠭᠠᠨ  ᠭᠦᠢᠴᠡᠳᠭᠡᠬᠦ ᠮᠡᠳᠡᠭᠳᠡᠯ ᠤᠨ ᠪᠢᠴᠢᠭ ᠢ ᠬᠦᠷᠭᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠡᠰᠡᠭ ᠬᠤᠪᠢ ᠶᠢᠨ ᠡᠵᠡᠩᠨᠡᠭᠴᠢ᠂ ᠳᠤᠮᠳᠠ ᠵᠢᠵᠢᠭ ᠠᠵᠤ ᠠᠬᠤᠶᠢᠯᠠᠯ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠡᠵᠡᠩᠨᠡᠯᠲᠡ ᠶᠢᠨ ᠣᠳᠣᠬᠢ ᠪᠠᠶᠢᠳᠠᠯ ᠢ ᠤᠶᠢᠯᠠᠭᠠᠨ᠂ ᠲᠡᠭᠦᠨ ᠢ ᠰᠢᠮᠳᠠᠭᠤᠯᠵᠤ ᠪᠠᠶᠢᠭᠠᠳ ᠲᠣᠭᠲᠠᠭᠰᠠᠨ ᠴᠠᠭ ᠤᠨ ᠳᠣᠲᠣᠷ᠎ᠠ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ ᠭᠦᠢᠴᠡᠳᠭᠡᠬᠦ ᠶᠢᠨ ᠬᠠᠮᠲᠤ ᠪᠥᠬᠦ ᠶᠠᠪᠤᠴᠠ ᠳᠤ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ ᠭᠦᠢᠴᠡᠳᠭᠡᠬᠦ ᠶᠢᠨ ᠬᠠᠮᠲᠤ ᠪᠥᠬᠦ ᠶᠠᠪᠤᠴᠠ ᠳᠤ ᠭᠦᠢᠴᠡᠳᠭᠡᠬᠦ ᠶᠢ ᠵᠢᠯᠣᠭᠤᠳᠬᠤ ᠲᠥᠪ ᠲᠠᠢ ᠬᠤᠯᠪᠣᠭᠠᠯᠠᠨ ᠬᠥᠳᠡᠯᠦᠯᠴᠡᠵᠦ᠂ ᠭᠦᠢᠴᠡᠳᠭᠡᠬᠦ ᠶᠢ ᠵᠢᠯᠣᠭᠤᠳᠬᠤ ᠲᠥᠪ ᠤᠨ ᠲᠤᠬᠠᠶ ᠶᠢᠨ ᠲᠠᠯᠠᠪᠤᠷ ᠲᠤ ᠳᠣᠭᠢᠷᠠᠭᠤᠯᠬᠤ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠬᠠᠷᠢᠭᠤ ᠲᠤᠰᠬᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠷ ᠳᠠᠮᠵᠢᠭᠤᠯᠤᠨ᠂ ᠰᠢᠯᠵᠢᠮᠡᠯ ᠭᠦᠢᠴᠡᠳᠭᠡᠬᠦ ᠲᠠᠪᠴᠠᠩ ᠢ ᠪᠥᠬᠦ ᠶᠠᠪᠤᠴᠠ ᠳᠤ ᠬᠡᠷᠡᠭᠯᠡᠨ ᠭᠦᠢᠴᠡᠳᠬᠡᠬᠦ ᠠᠵᠢᠯᠯᠠᠭ᠎ᠠ ᠶᠢᠨ ᠲᠡᠮᠳᠡᠭᠯᠡᠯ ᠳᠤ ᠣᠷᠣᠮ ᠦᠯᠡᠳᠡᠭᠡᠪᠡ᠃      ᠭᠦᠢᠴᠡᠳᠬᠡᠬᠦ ᠶᠠᠪᠤᠴᠠ ᠳᠤ᠂ ᠭᠤᠣᠯᠳᠠᠭᠤ ᠭᠦᠢᠴᠡᠳᠬᠡᠬᠦ ᠪᠠ ᠡᠶᠡᠳᠡᠭᠦᠯᠦᠭᠰᠡᠨ ᠤ ᠳᠠᠷᠠᠭ᠎ᠠ ᠡᠭᠦᠷᠭᠡ ᠭᠦᠢᠴᠡᠳᠬᠡᠬᠦ ᠦᠭᠡᠢ ᠢᠲᠡᠭᠡᠯ ᠠᠯᠳᠠᠭᠰᠠᠨ ᠠᠵᠢᠯᠯᠠᠭ᠎ᠠ ᠳᠤ ᠴᠣᠬᠢᠯᠲᠠ ᠥᠭᠴᠦ ᠲᠥᠪᠯᠡᠷᠡᠭᠦᠯᠦᠨ ᠴᠡᠪᠡᠷᠯᠡᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠡᠷᠡᠭ ᠤᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠦᠢᠴᠡᠳᠬᠡᠬᠦ ᠡᠷᠬᠡ ᠰᠦᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠬᠤ ᠶᠢ ᠠᠬᠢᠭᠤᠯᠪᠠ᠃ 23 ᠵᠢᠯ ᠤᠨ ᠲᠤᠷᠰᠢ᠂ ᠰᠢᠩ ᠾᠧ ᠰᠢᠶᠠᠨ ᠤ ᠰᠢᠭᠦᠬᠦ ᠬᠤᠷᠢᠶ᠎ᠠ ︽ᠠᠯᠲᠠᠨ ᠨᠠᠮᠤᠷ ᠤᠨ ᠬᠤᠷᠴᠠ ᠰᠡᠯᠡᠮ᠎ᠡ︾ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠵᠡᠷᠭᠡ ᠲᠥᠪᠯᠡᠷᠡᠭᠦᠯᠦᠨ ᠭᠦᠢᠴᠡᠳᠬᠡᠬᠦ ᠲᠤᠰᠬᠠᠶ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠤᠷᠢᠳᠴᠢᠯᠠᠨ ᠲᠥᠯᠥᠪᠵᠢᠭᠦᠯᠬᠦ ᠪᠠᠷ ᠳᠠᠮᠵᠢᠭᠤᠯᠤᠨ᠂ ᠬᠡᠷᠡᠭ ᠢ ᠨᠠᠷᠢᠨ ᠨᠢᠮᠪᠠᠶ ᠡᠮᠬᠢᠯᠡᠵᠦ᠂ ᠭᠦᠢᠴᠡᠳᠬᠡᠬᠦ ᠠᠵᠢᠯᠯᠠᠭ᠎ᠠ ᠶᠢ ᠰᠢᠯᠢᠳᠡᠭᠵᠢᠭᠦᠯᠦᠨ ᠪᠣᠳᠠᠲᠠᠶᠢᠵᠢᠭᠤᠯᠪᠠ᠃ 2023 ᠣᠨ ᠳᠤ ᠰᠢᠩ ᠾᠧ ᠰᠢᠶᠠᠨ ᠤ ᠰᠢᠭᠦᠬᠦ ᠬᠤᠷᠢᠶ᠎ᠠ ᠨᠡᠶᠢᠲᠡ 1082 ᠬᠡᠷᠡᠭ ᠢ ᠭᠦᠢᠴᠡᠳᠬᠡᠨ ᠳᠠᠭᠤᠰᠬᠠᠵᠤ᠂ ᠭᠦᠢᠴᠡᠳᠬᠡᠭᠰᠡᠨ ᠵᠣᠭᠤᠰᠣᠨ ᠲᠤᠭ᠎ᠠ 2.6 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3