︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠪᠠᠶᠢᠩᠭᠤ ᠶᠢᠨ ᠪᠥᠭᠡᠳ ᠥᠨᠳᠥᠷ ᠪᠦᠲᠦᠮᠵᠢᠲᠡᠶ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠲᠦᠷᠭᠡᠳᠬᠡᠨ ᠠᠬᠢᠭᠤᠯᠵᠤ᠂ ︽ᠰᠦᠯᠵᠢᠶᠡᠨ ᠳᠡᠭᠡᠷᠡᠬᠢ︾ ︽ᠰᠦᠯᠵᠢᠶᠡᠨ | ᠭᠠᠳᠠᠨᠠᠬᠢ︾ ᠶᠢᠨ ᠰᠠᠨᠠᠯ ᠰᠠᠨᠠᠭᠤᠯᠭ᠎ᠠ ᠪᠠᠷ ᠰᠡᠳᠦᠪ ᠳᠠᠭᠠᠭᠤᠯᠤᠨ ᠠᠵᠢᠯ ᠶᠠᠪᠤᠳᠠᠯ ᠭᠦᠢᠴᠡᠳᠭᠡᠬᠦ ᠠᠵᠢᠯ ᠤᠨ | ᠲᠣᠭᠲᠠᠴᠠ ᠶᠢ ᠲᠣᠳᠣᠷᠬᠠᠶ ᠨᠡᠪᠲᠡᠷᠡᠭᠦᠯᠬᠦ ᠶᠢᠨ ᠲᠥᠯᠥᠭᠡ᠂ ᠲᠥᠯᠥᠭᠡᠯᠡᠭᠴᠢ ᠭᠡᠰᠢᠭᠦᠳ ᠤᠨ ︽ᠠᠷᠠᠳ ᠤᠨ ᠰᠠᠨᠠᠭ᠎ᠠ ᠶᠢ | ᠰᠣᠨᠣᠰᠬᠤ᠂ ᠠᠷᠠᠳ ᠤᠨ ᠰᠠᠨᠠᠭ᠎ᠠ ᠶᠢ ᠲᠥᠪᠯᠡᠷᠡᠭᠦᠯᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠣᠶᠤᠨ | ᠤᠬᠠᠭᠠᠨ ᠢ ᠲᠥᠪᠯᠡᠷᠡᠭᠦᠯᠬᠦ︾ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠡᠤ ᠬᠥ᠋ ᠴᠢᠤᠸᠠᠨ | ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠩ ᠤᠨ | ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠤᠳᠤᠷᠢᠳᠬᠤ | ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠵᠢᠭᠠᠪᠤᠷᠢ ᠵᠢᠴᠢ ᠮᠠᠨ ᠤ ᠰᠢᠶᠠᠩ ᠤᠨ ᠲᠠᠷᠠᠭᠠᠴᠢ ᠶᠢᠨ | ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠤᠯᠠᠮᠵᠢᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭ᠎ᠠ ᠠᠪᠬᠤ ᠦᠷᠳᠡᠭᠡ ᠡᠭᠡᠯᠵᠢ ᠳᠠᠷᠠᠭᠠᠯᠠᠨ ᠰᠠᠭᠤᠬᠤ ᠦᠭᠡᠢ | ᠪᠠᠶᠢᠬᠤ ᠬᠠᠷᠢᠭᠤᠴᠠᠯᠭ᠎ᠠ ᠶᠢᠨ ᠤᠬᠠᠮᠰᠠᠷ ᠢᠶᠠᠨ ᠭᠦᠢᠴᠡᠳ ᠪᠠᠳᠠᠷᠠᠭᠤᠯᠵᠤ᠂ ᠡᠷᠦᠭᠡ ᠳᠤ ᠬᠦᠷᠴᠦ ᠰᠤᠷᠪᠤᠯᠵᠢᠯᠠᠵᠤ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠤᠯᠠᠨ | ᠲᠦᠮᠡᠨ ᠲᠠᠢ ᠬᠠᠷᠢᠯᠴᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠬᠤ | ᠬᠡᠷᠡᠭᠲᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ | ᠴᠢᠩᠭᠠᠳᠬᠠᠵᠤ᠂ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠢᠷᠠᠭᠤ ᠠᠯᠳᠠᠷ ᠤᠨ ᠰᠡᠳᠬᠢᠯᠭᠡ ᠪᠠᠨ | ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠠᠤᠯᠢ ᠶᠣᠰᠣᠭᠠᠷ ᠭᠦᠢᠴᠡᠳᠬᠡᠵᠦ᠂ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ | ᠲᠦᠮᠡᠨ ᠤ ᠤᠬᠠᠭᠤᠯᠤᠭᠴᠢ᠂ ᠬᠢᠨᠠᠯᠲᠠ ᠲᠠᠯᠪᠢᠭᠴᠢ ᠪᠣᠯᠤᠨ ᠬᠦᠳᠦᠯᠦᠨ ᠵᠢᠯᠣᠭᠤᠳᠤᠭᠴᠢ ᠪᠤᠯᠵᠤ᠂ ᠪᠦᠬᠦ ᠰᠢᠶᠠᠩ ᠤᠨ | ᠬᠥᠭᠵᠢᠯᠲᠡ ᠳᠤ ᠨᠡᠩ ᠤᠯᠠᠨ ᠨᠡᠩ ᠰᠠᠶᠢᠨ ᠰᠠᠨᠠᠯ ᠰᠠᠨᠠᠭᠤᠯᠭ᠎ᠠ ᠬᠠᠩᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ | ᠪᠣᠯᠤᠨ ᠬᠦᠰᠡᠯ ᠡᠷᠡᠮᠡᠯᠵᠡᠯ ᠢ ᠴᠠᠭ ᠲᠤᠬᠠᠢ ᠳᠤᠨᠢ ᠲᠤᠰᠬᠠᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ | ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |