ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠦᠷᠭᠦᠯᠵᠢᠯᠡᠨ ᠪᠠᠶᠢᠭᠤᠯᠵᠤ᠂ ᠭᠦᠢᠴᠡᠳᠬᠡᠬᠦ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠤᠨ᠂ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠴᠢᠩᠭᠠᠷᠠᠭᠤᠯᠵᠤ᠂ ᠬᠠᠤᠯᠢ | ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠶᠢᠨ ᠲᠥᠯᠥᠭᠡ᠂ ᠰᠢᠩ ᠾᠧ ᠰᠢᠶᠠᠨ ᠤ ᠰᠢᠭᠦᠬᠦ ᠬᠤᠷᠢᠶ᠎ᠠ ᠭᠦᠢᠴᠡᠳᠬᠡᠬᠦ | ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠡᠷᠡᠭ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠂ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃ | ᠰᠢᠩ ᠾᠧ ᠰᠢᠶᠠᠨ ᠤ ᠰᠢᠭᠦᠬᠦ ᠬᠤᠷᠢᠶ᠎ᠠ ᠣᠯᠠᠨ ᠳᠤᠭᠤᠶᠢᠯᠠᠩ ᠬᠥᠳᠡᠯᠦᠯᠴᠡᠬᠦ᠂ ᠲᠤᠬᠠᠶ ᠶᠢᠨ ᠭᠠᠵᠠᠷ ᠲᠤᠨᠢ | ᠬᠠᠶᠢᠨ ᠪᠠᠶᠢᠴᠠᠭᠠᠬᠤ᠂ ᠭᠦᠢᠴᠡᠳᠭᠡᠭᠴᠢ ᠲᠠᠢ ᠶᠠᠷᠢᠯᠴᠠᠬᠤ ᠶᠢᠨ ᠬᠠᠮᠲᠤ ᠬᠤᠭᠤᠴᠠᠭ᠎ᠠ ᠲᠣᠭᠲᠠᠭᠠᠨ ᠭᠦᠢᠴᠡᠳᠭᠡᠬᠦ | ᠮᠡᠳᠡᠭᠳᠡᠯ ᠤᠨ ᠪᠢᠴᠢᠭ ᠢ ᠬᠦᠷᠭᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠡᠰᠡᠭ ᠬᠤᠪᠢ ᠶᠢᠨ ᠡᠵᠡᠩᠨᠡᠭᠴᠢ᠂ ᠳᠤᠮᠳᠠ | ᠵᠢᠵᠢᠭ ᠠᠵᠤ ᠠᠬᠤᠶᠢᠯᠠᠯ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠡᠵᠡᠩᠨᠡᠯᠲᠡ ᠶᠢᠨ ᠣᠳᠣᠬᠢ ᠪᠠᠶᠢᠳᠠᠯ ᠢ | ᠤᠶᠢᠯᠠᠭᠠᠨ᠂ ᠲᠡᠭᠦᠨ ᠢ ᠰᠢᠮᠳᠠᠭᠤᠯᠵᠤ ᠪᠠᠶᠢᠭᠠᠳ ᠲᠣᠭᠲᠠᠭᠰᠠᠨ ᠴᠠᠭ ᠤᠨ ᠳᠣᠲᠣᠷ᠎ᠠ ᠬᠦᠴᠦᠨ ᠲᠠᠢ ᠪᠣᠯᠤᠭᠰᠠᠨ | ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ ᠭᠦᠢᠴᠡᠳᠭᠡᠬᠦ ᠶᠢᠨ ᠬᠠᠮᠲᠤ ᠪᠥᠬᠦ | ᠶᠠᠪᠤᠴᠠ ᠳᠤ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ | ᠭᠦᠢᠴᠡᠳᠭᠡᠬᠦ ᠶᠢᠨ ᠬᠠᠮᠲᠤ ᠪᠥᠬᠦ ᠶᠠᠪᠤᠴᠠ ᠳᠤ ᠭᠦᠢᠴᠡᠳᠭᠡᠬᠦ ᠶᠢ ᠵᠢᠯᠣᠭᠤᠳᠬᠤ ᠲᠥᠪ ᠲᠠᠢ ᠬᠤᠯᠪᠣᠭᠠᠯᠠᠨ | ᠬᠥᠳᠡᠯᠦᠯᠴᠡᠵᠦ᠂ ᠭᠦᠢᠴᠡᠳᠭᠡᠬᠦ ᠶᠢ ᠵᠢᠯᠣᠭᠤᠳᠬᠤ ᠲᠥᠪ ᠤᠨ ᠲᠤᠬᠠᠶ ᠶᠢᠨ ᠲᠠᠯᠠᠪᠤᠷ ᠲᠤ ᠳᠣᠭᠢᠷᠠᠭᠤᠯᠬᠤ᠂ | ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠬᠠᠷᠢᠭᠤ ᠲᠤᠰᠬᠠᠬᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠠᠷ ᠳᠠᠮᠵᠢᠭᠤᠯᠤᠨ᠂ ᠰᠢᠯᠵᠢᠮᠡᠯ ᠭᠦᠢᠴᠡᠳᠭᠡᠬᠦ ᠲᠠᠪᠴᠠᠩ ᠢ ᠪᠥᠬᠦ ᠶᠠᠪᠤᠴᠠ ᠳᠤ ᠬᠡᠷᠡᠭᠯᠡᠨ | ᠭᠦᠢᠴᠡᠳᠬᠡᠬᠦ ᠠᠵᠢᠯᠯᠠᠭ᠎ᠠ ᠶᠢᠨ ᠲᠡᠮᠳᠡᠭᠯᠡᠯ ᠳᠤ ᠣᠷᠣᠮ ᠦᠯᠡᠳᠡᠭᠡᠪᠡ᠃ | ᠭᠦᠢᠴᠡᠳᠬᠡᠬᠦ ᠶᠠᠪᠤᠴᠠ ᠳᠤ᠂ ᠭᠤᠣᠯᠳᠠᠭᠤ ᠭᠦᠢᠴᠡᠳᠬᠡᠬᠦ ᠪᠠ ᠡᠶᠡᠳᠡᠭᠦᠯᠦᠭᠰᠡᠨ ᠤ ᠳᠠᠷᠠᠭ᠎ᠠ ᠡᠭᠦᠷᠭᠡ | ᠭᠦᠢᠴᠡᠳᠬᠡᠬᠦ ᠦᠭᠡᠢ ᠢᠲᠡᠭᠡᠯ ᠠᠯᠳᠠᠭᠰᠠᠨ ᠠᠵᠢᠯᠯᠠᠭ᠎ᠠ ᠳᠤ ᠴᠣᠬᠢᠯᠲᠠ ᠥᠭᠴᠦ ᠲᠥᠪᠯᠡᠷᠡᠭᠦᠯᠦᠨ ᠴᠡᠪᠡᠷᠯᠡᠵᠦ᠂ | ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠡᠷᠡᠭ ᠤᠨ ᠶᠠᠰᠤ ᠴᠢᠨᠠᠷ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠦᠢᠴᠡᠳᠬᠡᠬᠦ ᠡᠷᠬᠡ ᠰᠦᠷ ᠢ ᠤᠯᠠᠮ ᠨᠢᠭᠡ ᠠᠯᠬᠤᠮ | ᠴᠢᠩᠭᠠᠳᠬᠠᠵᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠬᠤ ᠶᠢ | ᠠᠬᠢᠭᠤᠯᠪᠠ᠃ 23 ᠵᠢᠯ ᠤᠨ ᠲᠤᠷᠰᠢ᠂ ᠰᠢᠩ ᠾᠧ ᠰᠢᠶᠠᠨ ᠤ ᠰᠢᠭᠦᠬᠦ ᠬᠤᠷᠢᠶ᠎ᠠ ︽ᠠᠯᠲᠠᠨ ᠨᠠᠮᠤᠷ ᠤᠨ ᠬᠤᠷᠴᠠ | ᠰᠡᠯᠡᠮ᠎ᠡ︾ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠵᠡᠷᠭᠡ ᠲᠥᠪᠯᠡᠷᠡᠭᠦᠯᠦᠨ ᠭᠦᠢᠴᠡᠳᠬᠡᠬᠦ ᠲᠤᠰᠬᠠᠶ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠤᠷᠢᠳᠴᠢᠯᠠᠨ ᠲᠥᠯᠥᠪᠵᠢᠭᠦᠯᠬᠦ ᠪᠠᠷ ᠳᠠᠮᠵᠢᠭᠤᠯᠤᠨ᠂ ᠬᠡᠷᠡᠭ ᠢ ᠨᠠᠷᠢᠨ | ᠨᠢᠮᠪᠠᠶ ᠡᠮᠬᠢᠯᠡᠵᠦ᠂ ᠭᠦᠢᠴᠡᠳᠬᠡᠬᠦ ᠠᠵᠢᠯᠯᠠᠭ᠎ᠠ ᠶᠢ ᠰᠢᠯᠢᠳᠡᠭᠵᠢᠭᠦᠯᠦᠨ ᠪᠣᠳᠠᠲᠠᠶᠢᠵᠢᠭᠤᠯᠪᠠ᠃ 2023 ᠣᠨ ᠳᠤ | ᠰᠢᠩ ᠾᠧ ᠰᠢᠶᠠᠨ ᠤ ᠰᠢᠭᠦᠬᠦ ᠬᠤᠷᠢᠶ᠎ᠠ ᠨᠡᠶᠢᠲᠡ 1082 ᠬᠡᠷᠡᠭ ᠢ ᠭᠦᠢᠴᠡᠳᠬᠡᠨ ᠳᠠᠭᠤᠰᠬᠠᠵᠤ᠂ | ᠭᠦᠢᠴᠡᠳᠬᠡᠭᠰᠡᠨ ᠵᠣᠭᠤᠰᠣᠨ ᠲᠤᠭ᠎ᠠ 2.6 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠢ ᠶᠢᠨ ᠬᠥᠮᠦᠨ ᠤ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |