ᠰᠢᠩ ᠾᠧ ᠰᠢᠶᠠᠨ᠄ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ︽ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ︾ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/5/7
     ᠰᠢᠩ ᠾᠧ ᠰᠢᠶᠠᠨ ᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠭᠦᠳᠡᠨ ᠡᠮᠨᠡᠯᠭᠡ ᠳᠤ ᠡᠮ ᠡᠮᠨᠡᠯᠭᠡ ᠶᠢᠨ ᠳᠠᠭᠠᠳᠬᠠᠯ ᠢ ᠨᠢᠭᠡᠳᠦᠯᠲᠡᠶ ᠲᠥᠯᠥᠪᠯᠡᠨ ᠴᠡᠭ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ︽ᠪᠠᠭ᠎ᠠ ᠡᠪᠡᠳᠴᠢᠨ ᠢ ᠲᠣᠰᠬᠤᠨ ᠠᠴᠠ ᠭᠠᠷᠭᠠᠬᠤ ᠥᠬᠡᠶ᠂ ᠲᠠᠩᠰᠠ ᠲᠠᠶᠢᠯᠬᠤ ᠶᠢ ᠳᠤᠲᠠᠭᠤ ᠭᠦᠶᠦᠯᠭᠡᠬᠦ︾ ᠳᠥᠭᠦᠮ ᠳᠥᠲᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠤᠶᠢᠯᠡᠴᠢᠯᠡᠭᠡ ᠶᠢ ᠬᠦᠷᠲᠡᠭᠡᠬᠦ ᠶᠢᠨ ᠲᠥᠯᠥᠭᠡ᠂ ᠰᠢᠩ ᠾᠧ ᠰᠢᠶᠠᠨ ︽ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ︾᠂ ︽ᠬᠤᠶᠠᠷ ᠡᠪᠡᠳᠴᠢᠨ︾ ᠵᠡᠷᠭᠡ ᠦᠨᠳᠦᠰᠦᠨ ᠡᠮ ᠡᠮᠨᠡᠯᠭᠡ ᠶᠢᠨ ᠦᠶ᠋ᠯᠡᠴᠢᠯᠡᠭᠡ ᠶᠢ ᠭᠦᠨᠵᠡᠭᠡᠶ ᠠᠬᠢᠭᠤᠯᠵᠤ᠂ ᠠᠷᠠᠳ ᠣᠯᠠᠨ ᠤ ᠬᠡᠷ ᠤᠨ ᠡᠭᠦᠳᠡᠨ ᠳᠤ ᠡᠪᠡᠳᠴᠢᠨ ᠦᠵᠡᠭᠦᠯᠬᠦ ︽ᠡᠴᠦᠰ ᠤᠨ ᠨᠢᠭᠡ ᠺᠢᠯᠣᠮᠧᠳ᠋ᠷ︾ ᠢ ᠪᠥᠬᠦ ᠲᠠᠯ᠎ᠠ ᠪᠠᠷ ᠨᠡᠪᠲᠡᠷᠡᠭᠦᠯᠪᠡ᠃
     ᠣᠶᠢᠷ᠎ᠠ ᠳᠤ᠂ ᠰᠢᠩ ᠾᠧ ᠰᠢᠶᠠᠨ ᠤ ᠲᠤᠸᠠᠨ ᠵᠢᠶᠧ ᠰᠢᠶᠠᠩ ᠤᠨ ᠭᠤᠸᠠᠨ ᠵᠢᠷᠭᠤᠳᠤᠭᠠᠷ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠡᠪᠡᠳᠴᠢᠨ ᠦᠵᠡᠭᠦᠯᠵᠦ ᠡᠮ ᠠᠪᠬᠤ ᠪᠠᠷ ᠢᠷᠡᠭᠰᠡᠨ ᠲᠣᠰᠬᠤᠨ ᠤ ᠠᠷᠠᠳ ᠵᠥᠪᠬᠡᠨ ᠬᠤᠪᠢ ᠬᠥᠮᠦᠨ ᠤ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠶ᠂ ᠳ᠋ᠦᠩᠨᠡᠨ ᠪᠤᠳᠤᠬᠤ ᠬᠠᠭᠤᠳᠠᠰᠤᠨ ᠳᠡᠭᠡᠷ᠎ᠡ ᠭᠠᠷ ᠤᠨ ᠦᠰᠦᠭ ᠵᠢᠷᠤᠪᠠᠯ ᠳᠠᠷᠤᠶ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠭᠠᠷ ᠭᠦᠢᠴᠡᠳᠬᠡᠯ ᠢ ᠰᠢᠭᠤᠳ ᠰᠠᠶᠢᠲᠤᠷ ᠬᠢᠵᠦ ᠪᠣᠯᠤᠨ᠎ᠠ᠂ ᠡᠶᠢᠮᠦᠷᠬᠦᠦ ᠳᠥᠭᠦᠮ ᠳᠥᠲᠡ ᠲᠠᠩᠰᠠ ᠲᠠᠶᠢᠯᠬᠤ ᠠᠷᠭ᠎ᠠ ᠮᠠᠶ᠋ᠢᠭ ᠨᠢ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠬᠠᠮᠤᠭ ᠤᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯ ᠲᠣᠰᠬᠤᠨ ᠤ ᠠᠷᠠᠳ ᠤᠨ ᠤᠶᠢᠷ᠎ᠠ ᠬᠠᠪᠢ ᠶᠢᠨ ᠨᠢᠭᠡᠳᠦᠭᠡᠷ ᠥᠷᠲᠡᠭᠡ ᠮᠥᠨ᠂ ᠪᠠᠰᠠ ᠴᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠪᠡᠶᠡᠯᠡᠭᠦᠯᠬᠦ ᠶᠢᠨ ︽ᠡᠴᠦᠰ ᠤᠨ ᠨᠢᠭᠡ ᠺᠢᠯᠣᠮᠧᠳ᠋ᠷ︾ ᠮᠥᠨ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠣᠯᠭᠤᠮᠵᠢ ᠶᠢ ᠣᠯᠵᠤ ᠴᠢᠳᠠᠬᠤ ᠪᠥᠭᠡᠳ ᠴᠠᠭ ᠲᠤᠬᠠᠶ ᠳᠤᠨᠢ ᠳ᠋ᠦᠩᠨᠡᠨ ᠪᠤᠳᠤᠬᠤ ᠦᠢᠯᠡᠴᠢᠯᠡᠭᠡ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠦᠨ᠂ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠯᠡᠵᠦ ᠴᠢᠳᠠᠬᠤ ᠪᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠲᠤᠬᠠᠶ ᠢᠲᠡᠭᠡᠮᠵᠢ ᠪᠠ ᠬᠡᠷᠡᠭᠯᠡᠯᠲᠡ ᠶᠢᠨ ᠢᠨᠧᠷᠼᠢ ᠶᠢ ᠨᠡᠮᠡᠭᠳᠡᠭᠦᠯᠬᠦ ᠳᠤ ᠬᠠᠪᠰᠤᠷᠤᠮᠵᠢ ᠪᠣᠯᠤᠨ᠎ᠠ᠃ ᠣᠶᠢᠯᠠᠭᠠᠭᠰᠠᠨ ᠢᠶᠠᠷ᠂ ᠰᠢᠩ ᠾᠧ ᠰᠢᠶᠠᠨ ᠪᠣᠯ ᠪᠥᠬᠦ ᠤᠯᠠᠭᠠᠨᠴᠠᠪ ᠬᠤᠲᠠ ᠶᠢᠨ ᠠᠩᠬᠠᠳᠠᠭᠴᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠲᠠᠩᠰᠠ ᠲᠠᠶᠢᠯᠬᠤ ᠶᠢ ᠪᠡᠶᠡᠯᠡᠭᠦᠯᠵᠦ ᠪᠣᠯᠬᠤ ᠬᠤᠰᠢᠭᠤ ᠰᠢᠶᠠᠨ ᠪᠣᠯᠬᠤ ᠪᠥᠭᠡᠳ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠴᠡᠭ ᠤᠨ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠨ ᠪᠦᠬᠦᠨ ᠢ ᠬᠠᠮᠤᠷᠬᠤ ᠳᠤ ᠬᠦᠷᠴᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3