ᠦ᠋ ᠭᠦ᠋ ᠴᠢᠤᠸᠠᠨ ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠪᠠᠶᠢᠩᠭᠤ ᠶᠢᠨ ᠴᠢᠨᠠᠷᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/7
      ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠪᠠᠶᠢᠩᠭᠤ ᠶᠢᠨ ᠪᠥᠭᠡᠳ ᠥᠨᠳᠥᠷ ᠪᠦᠲᠦᠮᠵᠢᠲᠡᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠲᠦᠷᠭᠡᠳᠬᠡᠨ ᠠᠬᠢᠭᠤᠯᠵᠤ᠂ ︽ᠰᠦᠯᠵᠢᠶᠡᠨ ᠳᠡᠭᠡᠷᠡᠬᠢ︾ ︽ᠰᠦᠯᠵᠢᠶᠡᠨ ᠭᠠᠳᠠᠨᠠᠬᠢ︾ ᠶᠢᠨ ᠰᠠᠨᠠᠯ ᠰᠠᠨᠠᠭᠤᠯᠭ᠎ᠠ ᠪᠠᠷ ᠰᠡᠳᠦᠪ ᠳᠠᠭᠠᠭᠤᠯᠤᠨ ᠠᠵᠢᠯ ᠶᠠᠪᠤᠳᠠᠯ  ᠭᠦᠢᠴᠡᠳᠭᠡᠬᠦ ᠠᠵᠢᠯ ᠤᠨ ᠲᠣᠭᠲᠠᠴᠠ ᠶᠢ ᠲᠣᠳᠣᠷᠬᠠᠶ ᠨᠡᠪᠲᠡᠷᠡᠭᠦᠯᠬᠦ ᠶᠢᠨ ᠲᠥᠯᠥᠭᠡ᠂ ᠲᠥᠯᠥᠭᠡᠯᠡᠭᠴᠢ ᠭᠡᠰᠢᠭᠦᠳ ᠤᠨ ︽ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠰᠠᠨᠠᠭ᠎ᠠ ᠶᠢ ᠲᠥᠪᠯᠡᠷᠡᠭᠦᠯᠬᠦ᠂ ᠠᠷᠠᠳ ᠤᠨ ᠵᠣᠪᠠᠨᠢᠯ ᠢ  ᠰᠢᠢᠳᠪᠦᠷᠢᠯᠡᠬᠦ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ︾ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠡᠤ ᠬᠥ᠋ ᠴᠢᠤᠸᠠᠨ ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠤᠳᠤᠷᠢᠳᠬᠤ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠵᠢᠭᠠᠪᠤᠷᠢ ᠵᠢᠴᠢ ᠮᠠᠨ ᠤ ᠰᠢᠶᠠᠩ ᠤᠨ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠤᠯᠠᠮᠵᠢᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭ᠎ᠠ ᠠᠪᠬᠤ ᠦᠷᠳᠡᠭᠡ ᠡᠭᠡᠯᠵᠢ ᠳᠠᠷᠠᠭᠠᠯᠠᠨ ᠰᠠᠭᠤᠬᠤ ᠦᠭᠡᠢ ᠪᠠᠶᠢᠬᠤ ᠬᠠᠷᠢᠭᠤᠴᠠᠯᠭ᠎ᠠ ᠶᠢᠨ ᠤᠬᠠᠮᠰᠠᠷ ᠢᠶᠠᠨ ᠭᠦᠢᠴᠡᠳ ᠪᠠᠳᠠᠷᠠᠭᠤᠯᠵᠤ᠂ ᠡᠷᠦᠭᠡ ᠳᠤ ᠬᠦᠷᠴᠦ ᠰᠤᠷᠪᠤᠯᠵᠢᠯᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠤᠯᠠᠨ ᠲᠦᠮᠡᠨ ᠲᠠᠢ ᠬᠠᠷᠢᠯᠴᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ᠂ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠢᠷᠠᠭᠤ ᠠᠯᠳᠠᠷ ᠤᠨ ᠰᠡᠳᠬᠢᠯᠭᠡ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠠᠤᠯᠢ ᠶᠣᠰᠣᠭᠠᠷ ᠭᠦᠢᠴᠡᠳᠬᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠤᠬᠠᠭᠤᠯᠤᠭᠴᠢ᠂ ᠬᠢᠨᠠᠯᠲᠠ ᠲᠠᠯᠪᠢᠭᠴᠢ ᠪᠣᠯᠤᠨ ᠬᠦᠳᠦᠯᠦᠨ ᠵᠢᠯᠣᠭᠤᠳᠤᠭᠴᠢ ᠪᠤᠯᠵᠤ᠂ ᠪᠦᠬᠦ ᠰᠢᠶᠠᠩ ᠤᠨ ᠬᠥᠭᠵᠢᠯᠲᠡ ᠳᠤ ᠨᠡᠩ ᠤᠯᠠᠨ ᠨᠡᠩ ᠰᠠᠶᠢᠨ ᠰᠠᠨᠠᠯ ᠰᠠᠨᠠᠭᠤᠯᠭ᠎ᠠ ᠬᠠᠩᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠤᠨ ᠬᠦᠰᠡᠯ ᠡᠷᠡᠮᠡᠯᠵᠡᠯ ᠢ ᠴᠠᠭ ᠲᠤᠬᠠᠢ ᠳᠤᠨᠢ ᠲᠤᠰᠬᠠᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3