ᠰᠢᠩ ᠾᠧ ᠰᠢᠶᠠᠨ᠄ ︽ᠳᠥᠷᠪᠡ ᠶᠢ ᠳᠣᠪᠤᠶᠢᠯᠭᠠᠬᠤ︾᠎ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠦᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2024/5/8
     ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠷᠢᠯᠴᠠᠨ ᠰᠢᠭᠢᠳᠬᠡᠭᠰᠡᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠭᠦᠷᠭᠡ ᠪᠣᠯᠤᠨ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ︽ᠲᠦᠷᠪᠡ ᠶᠢ ᠲᠤᠪᠤᠶᠢᠯᠭᠠᠬᠤ︾᠎ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠪᠠᠷ ᠰᠣᠯᠢᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠭᠡᠷᠡᠴᠢᠯᠡᠭᠴᠢ᠂ ᠣᠷᠣᠯᠴᠠᠭᠴᠢ ᠪᠣᠯᠤᠨ ᠠᠰᠢᠭ ᠬᠦᠷᠳᠡᠭᠴᠢ ᠪᠣᠯᠭᠠᠪᠠ᠃      ᠨᠢᠭᠡ᠂ ᠬᠤᠣᠰ ᠴᠢᠭᠯᠡᠯ ᠢᠶᠠᠷ ︽ᠰᠢᠭᠢᠳᠬᠦ︾᠎ ᠶᠢ ᠲᠣᠪᠤᠶᠢᠯᠭᠠᠵᠤ᠂ ᠴᠢᠳᠠᠪᠤᠷᠢᠲᠠᠨ ᠶᠡᠭᠡ ᠲᠠᠷᠢᠬᠢ ᠶᠢ ᠪᠤᠶᠢᠵᠢᠭᠤᠯᠪᠠ᠃      ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠠᠰᠢᠭᠯᠠ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠶᠠᠨᠴᠢᠩ ᠲᠣᠭᠤᠷᠢᠭ - ᠰᠢᠩ ᠾᠧ ᠰᠢᠶᠠᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠥᠯᠥᠪᠵᠢᠭᠦᠯᠭᠡ ︵2021 - 2025 ᠣᠨ︶︾᠎ ᠶᠢ ᠲᠣᠭᠲᠠᠭᠠᠨ ᠨᠡᠶᠢᠲᠡᠯᠡᠵᠦ᠂ 2024 ᠣᠨ ᠤ ︽ᠤᠷᠢᠬᠠᠨ ᠰᠠᠯᠬᠢᠨ ᠤ ᠠᠵᠢᠯᠯᠠᠭ᠎ᠠ︾ ᠵᠢᠴᠢ ︽ᠬᠠᠪᠤᠷ ᠤᠨ ᠳᠤᠯᠠᠭᠠᠨ ᠮᠠᠯᠴᠢᠨ ᠲᠠᠷᠢᠶᠠᠴᠢᠨ ᠬᠦᠴᠦ ᠶᠠᠪᠤᠭᠴᠢ︾ ᠭᠡᠬᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯᠲᠠᠨ ᠡᠯᠰᠡᠬᠦ ᠬᠤᠷᠠᠯ ᠢ ᠡᠷᠭᠢᠯᠡᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠠᠯᠳᠠᠭᠰᠠᠳ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠵᠡᠷᠭᠡ ᠭᠤᠤᠯᠳᠠᠯᠭ᠎ᠠ ᠲᠠᠢ ᠬᠥᠮᠦᠰ ᠤᠨ ᠪᠡᠭᠡᠵᠢᠩ ᠳᠤ ᠣᠷᠣᠵᠤ ᠠᠵᠢᠯ ᠤᠯᠬᠤ᠂ ᠤᠢᠢᠷ᠎ᠠ ᠬᠠᠪᠢ ᠳᠠᠭᠠᠨ ᠠᠵᠢᠯ ᠤᠯᠬᠤ ᠪᠠ ᠪᠤᠰᠤᠳ ᠭᠠᠵᠠᠷ ᠣᠷᠣᠨ ᠳᠤ ᠬᠦᠷᠴᠦ ᠠᠵᠢᠯ ᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠢᠯᠵᠢᠭᠦᠯᠦᠨ ᠠᠵᠢᠯ ᠣᠯᠭᠤᠬᠤ ᠪᠠ ᠲᠣᠭᠲᠠᠭᠤᠨ ᠢᠶᠠᠷ ᠠᠵᠢᠯ ᠤᠯᠬᠤ ᠶᠢ ᠪᠡᠶᠡᠯᠡᠭᠦᠯᠦᠨ᠎ᠡ᠃ ᠪᠠᠯ ᠴᠢᠯᠠᠭᠤ᠂ ᠨᠡᠭᠦᠷᠡᠰᠦᠲᠥ᠋ᠷᠥᠭᠴᠢ ᠶᠢᠨ ᠡᠳ᠋᠂ ᠭᠤᠣᠯᠢᠩ ᠰᠢᠷᠣᠢ᠂ ᠬᠥᠪᠰᠥᠭᠡᠷ ᠰᠢᠷᠣᠢ ᠵᠡᠷᠭᠡ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠮᠡᠷᠭᠡᠵᠢᠯ ᠢ ᠣᠷᠣᠭᠤᠯᠤᠨ ᠠᠪᠴᠢᠷᠠᠬᠤ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠵᠡᠷᠭᠡ ᠬᠡᠯᠪᠡᠷᠢ ᠶᠢ ᠠᠪᠴᠤ᠂ ᠳᠡᠭᠡᠳᠦ ᠲᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ 50 ᠭᠠᠷᠤᠢ ᠣᠷᠣᠭᠤᠯᠤᠨ ᠠᠪᠴᠢᠷᠠᠵᠤ᠂ ᠸᠠᠭᠠᠷ ᠱᠠᠭᠠᠵᠠᠩ ᠤᠨ ᠭᠠᠷ ᠤᠷᠠᠯᠠᠯ ᠤᠨ ᠠᠵᠢᠯᠲᠠᠨ ᠢ 20 ᠭᠠᠷᠤᠢ ᠣᠷᠣᠭᠤᠯᠤᠨ ᠠᠪᠴᠢᠷᠠᠵᠠᠢ᠃ ᠰᠢᠯᠢᠳᠡᠭ ᠢᠳᠡᠷ ᠵᠠᠯᠠᠭᠤ ᠰᠤᠷᠭᠠᠨ ᠬᠥᠮᠦᠵᠢᠯ ᠢ ᠳᠡᠮᠵᠢᠬᠦ ᠪᠦᠯᠬᠦᠮ ᠨᠡᠶᠢᠲᠡ 3 ᠰᠢᠷᠬᠡᠭ 12 ᠬᠥᠮᠦᠨ᠂ ᠰᠢᠯᠢᠳᠡᠭ ᠵᠠᠯᠠᠭᠤ ᠡᠮᠴᠢ ᠶᠢᠨ ᠪᠦᠯᠬᠦᠮ ᠨᠡᠶᠢᠲᠡ 420 ᠬᠥᠮᠦᠨ ᠢ ᠰᠣᠩᠭᠤᠨ ᠲᠣᠮᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ 113 ᠬᠥᠮᠦᠨ᠂ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ 11 ᠬᠥᠮᠦᠨ ᠢ ᠰᠣᠩᠭᠤᠨ ᠲᠣᠮᠢᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ︽ᠪᠦᠯᠬᠦᠮ ᠪᠠᠶᠢᠭᠤᠯᠬᠤ ᠮᠠᠶ᠋ᠢᠭ︾᠎ ᠤᠨ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠶ ᠥᠷᠨᠢᠭᠦᠯᠪᠡ᠃      ᠬᠤᠶᠠᠷ᠂ ᠦᠵᠡᠯ ᠰᠠᠨᠠᠭᠠᠨ ᠤ ︽ᠰᠢᠭᠢᠳᠬᠡᠬᠦ︾᠎ ᠶᠢ ᠳᠣᠪᠤᠶᠢᠯᠭᠠᠨ᠂ ᠨᠡᠶᠢᠭᠡᠮ ᠤᠨ ᠲᠣᠭᠲᠠᠭᠤᠨ ᠪᠥᠭᠡᠳ ᠠᠭᠤᠰᠤᠯᠴᠠᠯ ᠢ ᠠᠬᠢᠭᠤᠯᠤᠨ᠎ᠠ      ︽ᠰᠢᠩ ᠾᠧ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠬᠦ ᠠᠵᠢᠯ ᠤᠨ ᠠᠷᠭ᠎ᠠ ᠬᠡᠮᠵᠢᠶ᠎ᠡ︾᠎ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠨᠡᠶᠢᠭᠡᠮ ᠲᠣᠭᠤᠷᠢᠭ ︵ᠲᠣᠰᠬᠤᠨ︶᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠲᠡᠨ ᠨᠦᠭᠦᠳ ᠤᠨ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠪᠠᠶᠠᠰᠬᠤ ᠨᠡᠶᠢᠭᠡᠮ ᠤᠨ ᠨᠥᠬᠦᠴᠡᠯ ᠢ ᠪᠣᠶ ᠪᠣᠯᠭᠠᠨ᠎ᠠ᠃ ᠡᠯ᠎ᠡ ᠬᠦᠷᠢᠶ᠎ᠡ ᠴᠠᠷᠠᠭ᠎ᠠ ᠡᠯ᠎ᠡ ᠠᠵᠢᠯ ᠲᠥᠷᠥᠯ ᠤᠨ ᠬᠢᠨ ᠭᠤᠤᠯ ᠰᠡᠳᠦᠪᠲᠦ ᠨᠠᠮ ᠤᠨ ᠡᠳᠦᠷ᠂ ︽ᠬᠤᠶᠠᠷ ᠰᠠᠷ᠎ᠠ ᠨᠢᠭᠡ ᠭᠠᠷᠠᠭ︾ ᠵᠡᠷᠭᠡ ᠲᠠᠢ ᠤᠶᠠᠯᠳᠤᠭᠤᠯᠤᠨ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ᠂ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠥᠷᠭᠡᠨ ᠢᠶᠠᠷ ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠲᠠᠭᠠᠬᠤ᠂ ᠬᠠᠷᠢᠯᠴᠠᠨ ᠰᠣᠨᠢᠷᠬᠠᠬᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠬᠠᠪᠰᠤᠷᠤᠯᠴᠠᠬᠤ ᠶᠢ ᠠᠬᠢᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠵᠦ᠂ ᠬᠤᠲᠠ ᠶᠢᠨ ᠨᠠᠷᠢᠯᠢᠭᠵᠢᠭᠤᠯᠤᠯᠲᠠ ᠪᠠ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠪᠡᠳᠴᠢᠨ ᠦᠵᠡᠭᠦᠯᠬᠦ᠂ ᠠᠵᠢᠯ ᠣᠯᠭᠤᠬᠤ᠂ ᠰᠤᠷᠭᠠᠭᠤᠯᠢ ᠳᠤ ᠣᠷᠣᠬᠤ᠂ ᠬᠠᠤᠯᠢ ᠪᠠᠷᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︽ᠭᠤᠷᠪᠠᠨ ᠬᠤᠲᠠ ᠶᠢ ᠬᠤᠯᠪᠣᠭᠠᠯᠠᠨ ᠡᠭᠦᠳᠬᠦ︾᠎ ᠲᠠᠢ ᠤᠶᠠᠯᠳᠤᠭᠤᠯᠤᠨ᠂ ︽ᠰᠦᠯᠵᠢᠶᠡᠨ ᠳᠤ ᠮᠡᠳᠡᠭᠦᠯᠬᠦ ᠲᠠᠪᠴᠠᠩ ᠤᠨ ᠪᠢᠴᠢᠯ ᠳᠡᠯᠭᠡᠴᠡ︾᠎ ᠶᠢᠨ ᠵᠠᠭᠤᠴᠢᠯᠠᠭᠤᠷ ᠤᠨ ᠵᠢᠭᠰᠠᠭᠠᠯ ᠪᠠ ᠳᠤᠮᠳᠠᠳᠤ ᠶᠢᠨ ᠰᠣᠶᠣᠯ ᠤᠨ ᠲᠡᠮᠳᠡᠭ᠂ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠪᠠᠷ ᠲᠤᠯᠭᠠᠭᠤᠷᠢᠯᠠᠯ ᠪᠣᠯᠭᠠᠵᠤ᠂ ᠪᠥᠬᠦ ᠲᠠᠯ᠎ᠠ ᠶᠢᠨ᠂ ᠣᠯᠠᠨ ᠲᠦᠮᠡᠨᠴᠢᠯᠡᠭᠰᠡᠨ ᠰᠤᠷᠭᠠᠨ ᠬᠥᠮᠦᠵᠢᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃    ᠭᠤᠷᠪᠠ᠂ ᠦᠨᠳᠦᠰᠦᠲᠡᠨ ᠤ ᠪᠦᠯᠬᠦᠮᠳᠡᠯ ᠢ ︽ᠰᠢᠭᠢᠳᠬᠡᠬᠦ︾᠎ ᠶᠢ ᠳᠣᠪᠤᠶᠢᠯᠭᠠᠵᠤ᠂ ᠰᠡᠳᠬᠢᠯ ᠨᠢᠭᠡᠳᠦᠨ ᠢᠵᠢᠯ ᠲᠥᠪᠲᠦ ᠲᠣᠭᠤᠷᠢᠭ ᠢ ᠬᠠᠮᠲᠤ ᠪᠠᠷ ᠪᠠᠶᠢᠭᠤᠯᠤᠨ᠎ᠠ      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠴᠡᠴᠡᠷᠯᠢᠭ᠂ ᠠᠭᠤᠳᠠᠮ ᠲᠠᠯᠠᠪᠠᠶ᠂ ᠦᠵᠡᠭᠦᠯᠦᠯᠭᠡ ᠶᠢᠨ ᠲᠢᠩᠬᠢᠮ᠂ ᠤᠯᠠᠭᠠᠨ ᠠᠨᠠᠷ ᠭᠡᠷ ᠣᠷᠣᠨ ᠵᠡᠷᠭᠡ ᠶᠢ ᠪᠠᠲᠤ ᠪᠠᠬᠢ ᠪᠣᠶ ᠪᠣᠯᠭᠠᠵᠤ᠂ ︽ᠮᠠᠨ ᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾᠎ ᠢ ᠤᠬᠠᠭᠤᠯᠤᠨ ᠲᠠᠶᠢᠯᠪᠤᠷᠢᠯᠠᠬᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠪᠠᠶᠢᠬᠤ ᠰᠠᠶᠢᠨ ᠳᠤᠷ᠎ᠠ ᠶᠢᠨ ᠬᠠᠮᠲᠤ ᠪᠠᠷ ᠪᠠᠶᠢᠭᠤᠯᠬᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂ ︽ᠳᠠᠯᠠᠨ ᠬᠠᠷ᠎ᠠ ᠠᠭᠤᠯᠠ ᠶᠢᠨ ᠳᠣᠤᠷᠠᠬᠢ ᠠᠨᠠᠷ ᠤᠨ ᠤᠯᠠᠭᠠᠨ︾ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠢᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠯᠪᠡᠷᠢᠲᠡᠶ᠂ ᠲᠥᠷᠥᠭᠳᠡᠯ ᠲᠠᠢ᠂ ᠪᠦᠲᠦᠮᠵᠢᠲᠡᠶ ᠪᠠᠷ ᠤᠬᠠᠭᠤᠯᠤᠨ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠠᠭᠤᠰᠤᠯᠴᠠᠬᠤ᠂ ᠠᠭᠤᠰᠤᠯᠴᠠᠨ ᠣᠷᠣᠰᠢᠬᠤ᠂ ᠬᠥᠭᠵᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠭᠦᠨ᠎ᠡ᠃      ᠳᠥᠷᠪᠡ᠂ ᠠᠵᠤ ᠦᠢᠯᠡᠰ ᠤᠨ ᠲᠥᠷᠥᠯ ᠵᠦᠢᠯ ᠢ ︽ᠰᠢᠭᠢᠳᠭᠡᠬᠦ︾᠎ ᠶᠢ ᠳᠣᠪᠤᠶᠢᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠬᠥᠭᠵᠢᠯᠲᠡ ᠶᠢ ᠠᠬᠢᠭᠤᠯᠤᠨ᠎ᠠ      ︽ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ︾᠎ ᠶᠢ ᠴᠢᠩᠭᠠᠳᠬᠠᠬᠤ ᠪᠠᠷ ᠴᠢᠬᠤᠯᠠ ᠭᠠᠷᠳᠠᠴᠠ ᠪᠣᠯᠭᠠᠵᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠵᠣᠷᠢᠯᠲᠠ ᠪᠣᠯᠭᠠᠵᠤ᠂ ᠵᠡᠭᠦᠨ ᠳᠤᠮᠳᠠ ᠬᠡᠰᠡᠭ ᠤᠨ ᠭᠠᠵᠠᠷ ᠣᠷᠣᠨ ᠤ ᠠᠵᠤ ᠠᠬᠤᠶᠢᠯᠠᠯ ᠤᠨ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠬᠤ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ᠪᠡᠯᠡ ᠮᠥᠩᠭᠦ᠂ ᠮᠡᠷᠭᠡᠵᠢᠯ ᠵᠡᠷᠭᠡ ᠬᠦᠴᠦᠨ ᠵᠦᠢᠯ ᠤᠨ ᠲᠥᠪᠯᠡᠷᠡᠯ ᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠢᠮᠠᠭᠲᠠ ︽ᠲᠡᠷᠢᠭᠦᠨ ᠢᠨᠵᠧᠨᠧᠷᠢᠩ︾ ᠪᠣᠯᠭᠠᠵᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠬᠡᠯᠬᠢᠶᠡᠵᠢᠭᠰᠡᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠴᠢᠳᠠᠪᠤᠷᠢᠲᠠᠨ ᠢᠶᠠᠷ ᠬᠤᠳᠠᠯᠳᠤᠭᠠᠴᠢᠨ ᠤᠷᠢᠬᠤ ᠶᠢ ᠭᠦᠨᠵᠡᠭᠡᠶ ᠥᠷᠨᠢᠭᠦᠯᠵᠦ᠂ ︽ᠲᠣᠮᠣ ᠬᠤᠳᠠᠯᠳᠤᠭᠠᠴᠢᠨ ᠡᠯᠰᠡᠬᠦ᠂ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠰᠠᠶᠢᠲᠤᠷ ᠡᠯᠰᠡᠬᠦ︾ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾᠎ ᠢ ᠪᠠᠶᠢᠭᠤᠯᠵᠤ᠂  ᠵᠢᠯ ᠳᠤ 3 ᠲᠦᠮᠡᠨ ᠲᠣᠨ ᠬᠦᠷᠮᠡᠨ ᠴᠢᠯᠠᠭᠤᠯᠢᠭ ᠤᠨ ᠰᠢᠷᠬᠡᠭ ᠵᠢᠴᠢ ᠲᠡᠭᠦᠨ ᠤ ᠪᠦᠲᠦᠭᠡᠭᠳᠡᠬᠦᠨ᠂ 140 MW ᠰᠠᠯᠬᠢᠨ ᠬᠦᠴᠦᠨ ᠤ ᠴᠠᠬᠢᠯᠭᠠᠨ ᠤ ᠰᠢᠨ᠎ᠡ ᠡᠨᠧᠷᠭᠢ᠂ ᠲᠠᠩ ᠱᠠᠨ ᠬᠠᠢ ᠲᠠᠢ ᠵᠢᠯ ᠳᠤ 5 ᠲᠦᠮᠡᠨ ᠲᠣᠨ ᠶᠡᠭᠡ ᠪᠠᠷᠢᠮᠵᠢᠶᠠᠲᠤ ᠬᠡᠳᠦ ᠥᠨᠳᠥᠷ ᠴᠢᠳᠠᠪᠬᠢᠲᠤ ᠪᠠᠯ ᠴᠢᠯᠠᠭᠤᠨ ᠴᠠᠬᠢᠯᠭᠠᠨ ᠲᠦᠢᠯ ᠵᠡᠷᠭᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠣᠷᠣᠨ ᠪᠦᠰᠡ ᠶᠢᠨ ᠬᠥᠭᠵᠢᠯᠲᠡ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ ᠲᠣᠰᠬᠤᠨ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠥᠷᠭᠡᠳᠬᠡᠵᠦ᠂ ᠨᠠᠩ ᠣᠯᠠᠨ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3