ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠷᠢᠯᠴᠠᠨ | ᠰᠢᠭᠢᠳᠬᠡᠭᠰᠡᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠭᠦᠷᠭᠡ | ᠪᠣᠯᠤᠨ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ︽ᠲᠦᠷᠪᠡ ᠶᠢ ᠲᠤᠪᠤᠶᠢᠯᠭᠠᠬᠤ︾ ᠪᠠᠷ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ | ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠪᠠᠷ ᠰᠣᠯᠢᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ | ᠭᠡᠷᠡᠴᠢᠯᠡᠭᠴᠢ᠂ ᠣᠷᠣᠯᠴᠠᠭᠴᠢ ᠪᠣᠯᠤᠨ ᠠᠰᠢᠭ ᠬᠦᠷᠳᠡᠭᠴᠢ ᠪᠣᠯᠭᠠᠪᠠ᠃ | ᠨᠢᠭᠡ᠂ ᠬᠤᠣᠰ ᠴᠢᠭᠯᠡᠯ ᠢᠶᠠᠷ ︽ᠰᠢᠭᠢᠳᠬᠦ︾ ᠶᠢ ᠲᠣᠪᠤᠶᠢᠯᠭᠠᠵᠤ᠂ ᠴᠢᠳᠠᠪᠤᠷᠢᠲᠠᠨ ᠶᠡᠭᠡ ᠲᠠᠷᠢᠬᠢ ᠶᠢ | ᠪᠤᠶᠢᠵᠢᠭᠤᠯᠪᠠ᠃ | ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠠᠰᠢᠭᠯᠠ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠠᠬᠢ ᠶᠠᠨᠴᠢᠩ ᠲᠣᠭᠤᠷᠢᠭ - ᠰᠢᠩ ᠾᠧ ᠰᠢᠶᠠᠨ ᠤ ᠵᠡᠭᠦᠨ ᠪᠠᠷᠠᠭᠤᠨ ᠣᠷᠣᠨ ᠤ | ᠬᠠᠮᠵᠢᠯᠴᠠᠭᠠᠨ ᠤ ᠲᠥᠯᠥᠪᠵᠢᠭᠦᠯᠭᠡ ︵2021 - 2025 ᠣᠨ︶︾ ᠶᠢ ᠲᠣᠭᠲᠠᠭᠠᠨ ᠨᠡᠶᠢᠲᠡᠯᠡᠵᠦ᠂ 2024 | ᠣᠨ ᠤ ︽ᠤᠷᠢᠬᠠᠨ ᠰᠠᠯᠬᠢᠨ ᠤ ᠠᠵᠢᠯᠯᠠᠭ᠎ᠠ︾ ᠵᠢᠴᠢ ︽ᠬᠠᠪᠤᠷ ᠤᠨ ᠳᠤᠯᠠᠭᠠᠨ ᠮᠠᠯᠴᠢᠨ ᠲᠠᠷᠢᠶᠠᠴᠢᠨ ᠬᠦᠴᠦ | ᠶᠠᠪᠤᠭᠴᠢ︾ ᠭᠡᠬᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯᠲᠠᠨ ᠡᠯᠰᠡᠬᠦ ᠬᠤᠷᠠᠯ ᠢ ᠡᠷᠭᠢᠯᠡᠵᠦ᠂ | ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠠᠯᠳᠠᠭᠰᠠᠳ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠵᠡᠷᠭᠡ ᠭᠤᠤᠯᠳᠠᠯᠭ᠎ᠠ ᠲᠠᠢ ᠬᠥᠮᠦᠰ ᠤᠨ ᠪᠡᠭᠡᠵᠢᠩ ᠳᠤ ᠣᠷᠣᠵᠤ ᠠᠵᠢᠯ ᠤᠯᠬᠤ᠂ | ᠤᠢᠢᠷ᠎ᠠ ᠬᠠᠪᠢ ᠳᠠᠭᠠᠨ ᠠᠵᠢᠯ ᠤᠯᠬᠤ ᠪᠠ ᠪᠤᠰᠤᠳ ᠭᠠᠵᠠᠷ ᠣᠷᠣᠨ ᠳᠤ ᠬᠦᠷᠴᠦ ᠠᠵᠢᠯ ᠤᠯᠬᠤ ᠶᠢ ᠤᠯᠠᠮ ᠨᠢᠭᠡ | ᠠᠯᠬᠤᠮ ᠠᠬᠢᠭᠤᠯᠵᠤ᠂ ᠰᠢᠯᠵᠢᠭᠦᠯᠦᠨ ᠠᠵᠢᠯ ᠣᠯᠭᠤᠬᠤ ᠪᠠ ᠲᠣᠭᠲᠠᠭᠤᠨ ᠢᠶᠠᠷ ᠠᠵᠢᠯ ᠤᠯᠬᠤ ᠶᠢ ᠪᠡᠶᠡᠯᠡᠭᠦᠯᠦᠨ᠎ᠡ᠃ | ᠪᠠᠯ ᠴᠢᠯᠠᠭᠤ᠂ ᠨᠡᠭᠦᠷᠡᠰᠦᠲᠥ᠋ᠷᠥᠭᠴᠢ ᠶᠢᠨ ᠡᠳ᠋᠂ ᠭᠤᠣᠯᠢᠩ ᠰᠢᠷᠣᠢ᠂ ᠬᠥᠪᠰᠥᠭᠡᠷ ᠰᠢᠷᠣᠢ ᠵᠡᠷᠭᠡ ᠳᠠᠪᠠᠭᠤᠯᠢᠭ | ᠠᠵᠤ ᠦᠢᠯᠡᠰ ᠤᠨ ᠲᠣᠭᠤᠷᠢᠨ ᠳᠤ᠂ ᠮᠡᠷᠭᠡᠵᠢᠯ ᠢ ᠣᠷᠣᠭᠤᠯᠤᠨ ᠠᠪᠴᠢᠷᠠᠬᠤ᠂ ᠲᠦᠷᠦᠯ ᠵᠦᠢᠯ ᠢ ᠣᠷᠣᠭᠤᠯᠤᠨ | ᠠᠪᠴᠢᠷᠠᠬᠤ ᠵᠡᠷᠭᠡ ᠬᠡᠯᠪᠡᠷᠢ ᠶᠢ ᠠᠪᠴᠤ᠂ ᠳᠡᠭᠡᠳᠦ ᠲᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ 50 ᠭᠠᠷᠤᠢ | ᠣᠷᠣᠭᠤᠯᠤᠨ ᠠᠪᠴᠢᠷᠠᠵᠤ᠂ ᠸᠠᠭᠠᠷ ᠱᠠᠭᠠᠵᠠᠩ ᠤᠨ ᠭᠠᠷ ᠤᠷᠠᠯᠠᠯ ᠤᠨ ᠠᠵᠢᠯᠲᠠᠨ ᠢ 20 ᠭᠠᠷᠤᠢ ᠣᠷᠣᠭᠤᠯᠤᠨ | ᠠᠪᠴᠢᠷᠠᠵᠠᠢ᠃ ᠰᠢᠯᠢᠳᠡᠭ ᠢᠳᠡᠷ ᠵᠠᠯᠠᠭᠤ ᠰᠤᠷᠭᠠᠨ ᠬᠥᠮᠦᠵᠢᠯ ᠢ ᠳᠡᠮᠵᠢᠬᠦ ᠪᠦᠯᠬᠦᠮ ᠨᠡᠶᠢᠲᠡ 3 ᠰᠢᠷᠬᠡᠭ 12 | ᠬᠥᠮᠦᠨ᠂ ᠰᠢᠯᠢᠳᠡᠭ ᠵᠠᠯᠠᠭᠤ ᠡᠮᠴᠢ ᠶᠢᠨ ᠪᠦᠯᠬᠦᠮ ᠨᠡᠶᠢᠲᠡ 420 ᠬᠥᠮᠦᠨ ᠢ ᠰᠣᠩᠭᠤᠨ ᠲᠣᠮᠢᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ 113 ᠬᠥᠮᠦᠨ᠂ ︽ᠭᠤᠷᠪᠠᠨ ᠣᠷᠣᠨ︾ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ 11 ᠬᠥᠮᠦᠨ ᠢ ᠰᠣᠩᠭᠤᠨ ᠲᠣᠮᠢᠯᠠᠵᠤ᠂ ᠦᠨᠳᠦᠰᠦᠨ | ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ | ᠲᠡᠳᠬᠦᠬᠦ ᠠᠵᠢᠯ ᠢ ᠢᠳᠡᠪᠬᠢᠲᠡᠶ ᠥᠷᠨᠢᠭᠦᠯᠪᠡ᠃ | ᠬᠤᠶᠠᠷ᠂ ᠦᠵᠡᠯ ᠰᠠᠨᠠᠭᠠᠨ ᠤ ︽ᠰᠢᠭᠢᠳᠬᠡᠬᠦ︾ ᠶᠢ ᠳᠣᠪᠤᠶᠢᠯᠭᠠᠨ᠂ ᠨᠡᠶᠢᠭᠡᠮ ᠤᠨ ᠲᠣᠭᠲᠠᠭᠤᠨ ᠪᠥᠭᠡᠳ | ᠠᠭᠤᠰᠤᠯᠴᠠᠯ ᠢ ᠠᠬᠢᠭᠤᠯᠤᠨ᠎ᠠ | ︽ᠰᠢᠩ ᠾᠧ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠬᠦ | ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠬᠦ ᠠᠵᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ ᠨᠡᠶᠢᠭᠡᠮ ᠲᠣᠭᠤᠷᠢᠭ ︵ᠲᠣᠰᠬᠤᠨ︶᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ | ᠪᠠᠶᠢᠭᠠᠳ ᠦᠨᠳᠦᠰᠦᠲᠡᠨ ᠨᠦᠭᠦᠳ ᠤᠨ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ | ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠪᠠᠶᠠᠰᠬᠤ ᠨᠡᠶᠢᠭᠡᠮ ᠤᠨ ᠨᠥᠬᠦᠴᠡᠯ ᠢ ᠪᠣᠶ | ᠪᠣᠯᠭᠠᠨ᠎ᠠ᠃ ᠡᠯ᠎ᠡ ᠬᠦᠷᠢᠶ᠎ᠡ ᠴᠠᠷᠠᠭ᠎ᠠ ᠡᠯ᠎ᠡ ᠠᠵᠢᠯ ᠲᠥᠷᠥᠯ ᠤᠨ ᠬᠢᠨ ᠭᠤᠤᠯ ᠰᠡᠳᠦᠪᠲᠦ ᠨᠠᠮ ᠤᠨ ᠡᠳᠦᠷ᠂ ︽ | ᠬᠤᠶᠠᠷ ᠰᠠᠷ᠎ᠠ ᠨᠢᠭᠡ ᠭᠠᠷᠠᠭ︾ ᠵᠡᠷᠭᠡ ᠲᠠᠢ ᠤᠶᠠᠯᠳᠤᠭᠤᠯᠤᠨ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ᠂ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ | ᠥᠷᠭᠡᠨ ᠢᠶᠠᠷ ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠣᠶᠢᠯᠠᠭᠠᠯᠴᠠᠬᠤ᠂ | ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠲᠠᠭᠠᠬᠤ᠂ ᠬᠠᠷᠢᠯᠴᠠᠨ ᠰᠣᠨᠢᠷᠬᠠᠬᠤ᠂ ᠬᠠᠷᠢᠯᠴᠠᠨ ᠰᠤᠷᠤᠯᠴᠠᠬᠤ᠂ | ᠬᠠᠷᠢᠯᠴᠠᠨ ᠬᠠᠪᠰᠤᠷᠤᠯᠴᠠᠬᠤ ᠶᠢ ᠠᠬᠢᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠲᠦᠭᠡᠮᠡᠯᠵᠢᠭᠦᠯᠵᠦ᠂ ᠬᠤᠲᠠ ᠶᠢᠨ ᠨᠠᠷᠢᠯᠢᠭᠵᠢᠭᠤᠯᠤᠯᠲᠠ ᠪᠠ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠪᠡᠳᠴᠢᠨ ᠦᠵᠡᠭᠦᠯᠬᠦ᠂ | ᠠᠵᠢᠯ ᠣᠯᠭᠤᠬᠤ᠂ ᠰᠤᠷᠭᠠᠭᠤᠯᠢ ᠳᠤ ᠣᠷᠣᠬᠤ᠂ ᠬᠠᠤᠯᠢ ᠪᠠᠷᠢᠬᠤ ᠵᠡᠷᠭᠡ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ︽ᠭᠤᠷᠪᠠᠨ ᠬᠤᠲᠠ ᠶᠢ ᠬᠤᠯᠪᠣᠭᠠᠯᠠᠨ ᠡᠭᠦᠳᠬᠦ︾ ᠲᠠᠢ ᠤᠶᠠᠯᠳᠤᠭᠤᠯᠤᠨ᠂ ︽ | ᠰᠦᠯᠵᠢᠶᠡᠨ ᠳᠤ ᠮᠡᠳᠡᠭᠦᠯᠬᠦ ᠲᠠᠪᠴᠠᠩ ᠤᠨ ᠪᠢᠴᠢᠯ ᠳᠡᠯᠭᠡᠴᠡ︾ ᠶᠢᠨ ᠵᠠᠭᠤᠴᠢᠯᠠᠭᠤᠷ ᠤᠨ ᠵᠢᠭᠰᠠᠭᠠᠯ ᠪᠠ | ᠳᠤᠮᠳᠠᠳᠤ ᠶᠢᠨ ᠰᠣᠶᠣᠯ ᠤᠨ ᠲᠡᠮᠳᠡᠭ᠂ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠪᠠᠷ ᠲᠤᠯᠭᠠᠭᠤᠷᠢᠯᠠᠯ | ᠪᠣᠯᠭᠠᠵᠤ᠂ ᠪᠥᠬᠦ ᠲᠠᠯ᠎ᠠ ᠶᠢᠨ᠂ ᠣᠯᠠᠨ ᠲᠦᠮᠡᠨᠴᠢᠯᠡᠭᠰᠡᠨ ᠰᠤᠷᠭᠠᠨ ᠬᠥᠮᠦᠵᠢᠯ ᠢᠶᠠᠷ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ | ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ | ᠭᠤᠷᠪᠠ᠂ ᠦᠨᠳᠦᠰᠦᠲᠡᠨ ᠤ ᠪᠦᠯᠬᠦᠮᠳᠡᠯ ᠢ ︽ᠰᠢᠭᠢᠳᠬᠡᠬᠦ︾ ᠶᠢ ᠳᠣᠪᠤᠶᠢᠯᠭᠠᠵᠤ᠂ ᠰᠡᠳᠬᠢᠯ ᠨᠢᠭᠡᠳᠦᠨ ᠢᠵᠢᠯ | ᠲᠥᠪᠲᠦ ᠲᠣᠭᠤᠷᠢᠭ ᠢ ᠬᠠᠮᠲᠤ ᠪᠠᠷ ᠪᠠᠶᠢᠭᠤᠯᠤᠨ᠎ᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ | ᠳᠡᠯᠭᠡᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠴᠡᠴᠡᠷᠯᠢᠭ᠂ | ᠠᠭᠤᠳᠠᠮ ᠲᠠᠯᠠᠪᠠᠶ᠂ ᠦᠵᠡᠭᠦᠯᠦᠯᠭᠡ ᠶᠢᠨ ᠲᠢᠩᠬᠢᠮ᠂ ᠤᠯᠠᠭᠠᠨ ᠠᠨᠠᠷ ᠭᠡᠷ ᠣᠷᠣᠨ ᠵᠡᠷᠭᠡ ᠶᠢ ᠪᠠᠲᠤ ᠪᠠᠬᠢ ᠪᠣᠶ | ᠪᠣᠯᠭᠠᠵᠤ᠂ ︽ᠮᠠᠨ ᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾ ᠢ ᠤᠬᠠᠭᠤᠯᠤᠨ | ᠲᠠᠶᠢᠯᠪᠤᠷᠢᠯᠠᠬᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠪᠠᠶᠢᠬᠤ | ᠰᠠᠶᠢᠨ ᠳᠤᠷ᠎ᠠ ᠶᠢᠨ ᠬᠠᠮᠲᠤ ᠪᠠᠷ ᠪᠠᠶᠢᠭᠤᠯᠬᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠦᠨᠳᠦᠰᠦᠲᠡᠨ ᠤ | ᠪᠦᠯᠬᠦᠮᠳᠡᠯ ᠬᠤᠨᠳᠠᠭᠠᠲᠤ︾ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂ ︽ᠳᠠᠯᠠᠨ ᠬᠠᠷ᠎ᠠ ᠠᠭᠤᠯᠠ ᠶᠢᠨ | ᠳᠣᠤᠷᠠᠬᠢ ᠠᠨᠠᠷ ᠤᠨ ᠤᠯᠠᠭᠠᠨ︾ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠤᠷᠠᠨ ᠪᠢᠴᠢᠯᠭᠡ ᠤᠷᠠᠨ | ᠵᠢᠷᠤᠭ ᠤᠨ ᠪᠢᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠬᠡᠯᠪᠡᠷᠢᠲᠡᠶ᠂ ᠲᠥᠷᠥᠭᠳᠡᠯ ᠲᠠᠢ᠂ ᠪᠦᠲᠦᠮᠵᠢᠲᠡᠶ ᠪᠠᠷ ᠤᠬᠠᠭᠤᠯᠤᠨ | ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠠᠭᠤᠰᠤᠯᠴᠠᠬᠤ᠂ ᠠᠭᠤᠰᠤᠯᠴᠠᠨ | ᠣᠷᠣᠰᠢᠬᠤ᠂ ᠬᠥᠭᠵᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠭᠦᠨ᠎ᠡ᠃ | ᠳᠥᠷᠪᠡ᠂ ᠠᠵᠤ ᠦᠢᠯᠡᠰ ᠤᠨ ᠲᠥᠷᠥᠯ ᠵᠦᠢᠯ ᠢ ︽ᠰᠢᠭᠢᠳᠭᠡᠬᠦ︾ ᠶᠢ ᠳᠣᠪᠤᠶᠢᠯᠭᠠᠵᠤ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠤᠨ ᠬᠥᠭᠵᠢᠯᠲᠡ ᠶᠢ ᠠᠬᠢᠭᠤᠯᠤᠨ᠎ᠠ | ︽ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ︾ ᠶᠢ ᠴᠢᠩᠭᠠᠳᠬᠠᠬᠤ ᠪᠠᠷ ᠴᠢᠬᠤᠯᠠ ᠭᠠᠷᠳᠠᠴᠠ | ᠪᠣᠯᠭᠠᠵᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ ᠪᠦᠬᠦ ᠰᠢᠶᠠᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠵᠣᠷᠢᠯᠲᠠ ᠪᠣᠯᠭᠠᠵᠤ᠂ ᠵᠡᠭᠦᠨ ᠳᠤᠮᠳᠠ | ᠬᠡᠰᠡᠭ ᠤᠨ ᠭᠠᠵᠠᠷ ᠣᠷᠣᠨ ᠤ ᠠᠵᠤ ᠠᠬᠤᠶᠢᠯᠠᠯ ᠤᠨ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠨ ᠦᠢᠯᠡᠰ | ᠪᠤᠰᠬᠠᠬᠤ ᠶᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ᠪᠡᠯᠡ ᠮᠥᠩᠭᠦ᠂ ᠮᠡᠷᠭᠡᠵᠢᠯ ᠵᠡᠷᠭᠡ ᠬᠦᠴᠦᠨ | ᠵᠦᠢᠯ ᠤᠨ ᠲᠥᠪᠯᠡᠷᠡᠯ ᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠢᠮᠠᠭᠲᠠ ︽ | ᠲᠡᠷᠢᠭᠦᠨ ᠢᠨᠵᠧᠨᠧᠷᠢᠩ︾ ᠪᠣᠯᠭᠠᠵᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠬᠡᠯᠬᠢᠶᠡᠵᠢᠭᠰᠡᠨ | ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠴᠢᠳᠠᠪᠤᠷᠢᠲᠠᠨ ᠢᠶᠠᠷ | ᠬᠤᠳᠠᠯᠳᠤᠭᠠᠴᠢᠨ ᠤᠷᠢᠬᠤ ᠶᠢ ᠭᠦᠨᠵᠡᠭᠡᠶ ᠥᠷᠨᠢᠭᠦᠯᠵᠦ᠂ ︽ᠲᠣᠮᠣ ᠬᠤᠳᠠᠯᠳᠤᠭᠠᠴᠢᠨ ᠡᠯᠰᠡᠬᠦ᠂ ᠬᠤᠳᠠᠯᠳᠤᠭᠠᠴᠢᠨ | ᠤᠷᠢᠬᠤ᠂ ᠬᠤᠳᠠᠯᠳᠤᠭᠠᠴᠢᠨ ᠰᠠᠶᠢᠲᠤᠷ ᠡᠯᠰᠡᠬᠦ︾ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾ ᠢ ᠪᠠᠶᠢᠭᠤᠯᠵᠤ᠂ ᠵᠢᠯ ᠳᠤ 3 ᠲᠦᠮᠡᠨ | ᠲᠣᠨ ᠬᠦᠷᠮᠡᠨ ᠴᠢᠯᠠᠭᠤᠯᠢᠭ ᠤᠨ ᠰᠢᠷᠬᠡᠭ ᠵᠢᠴᠢ ᠲᠡᠭᠦᠨ ᠤ ᠪᠦᠲᠦᠭᠡᠭᠳᠡᠬᠦᠨ᠂ 140 MW ᠰᠠᠯᠬᠢᠨ ᠬᠦᠴᠦᠨ ᠤ | ᠴᠠᠬᠢᠯᠭᠠᠨ ᠤ ᠰᠢᠨ᠎ᠡ ᠡᠨᠧᠷᠭᠢ᠂ ᠲᠠᠩ ᠱᠠᠨ ᠬᠠᠢ ᠲᠠᠢ ᠵᠢᠯ ᠳᠤ 5 ᠲᠦᠮᠡᠨ ᠲᠣᠨ ᠶᠡᠭᠡ ᠪᠠᠷᠢᠮᠵᠢᠶᠠᠲᠤ ᠬᠡᠳᠦ | ᠥᠨᠳᠥᠷ ᠴᠢᠳᠠᠪᠬᠢᠲᠤ ᠪᠠᠯ ᠴᠢᠯᠠᠭᠤᠨ ᠴᠠᠬᠢᠯᠭᠠᠨ ᠲᠦᠢᠯ ᠵᠡᠷᠭᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ | ᠣᠷᠣᠨ ᠪᠦᠰᠡ ᠶᠢᠨ ᠬᠥᠭᠵᠢᠯᠲᠡ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠤᠨ᠎ᠠ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ | ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ | ᠵᠡᠷᠭᠡ ᠬᠡᠯᠪᠡᠷᠢ ᠪᠠᠷ ᠳᠠᠮᠵᠢᠭᠤᠯᠤᠨ ᠲᠣᠰᠬᠤᠨ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠶᠢ | ᠦᠷᠭᠦᠯᠵᠢᠯᠡᠨ ᠴᠢᠩᠭᠠᠳᠬᠠᠬᠤ ᠶᠢᠨ ᠬᠠᠮᠲᠤ ᠥᠷᠭᠡᠳᠬᠡᠵᠦ᠂ ᠨᠠᠩ ᠣᠯᠠᠨ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |