︽ᠤᠯᠠᠭᠠᠨᠴᠠᠪ ᠬᠤᠲᠠ ᠶᠢᠨ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠵᠠᠰᠠᠪᠤᠷᠢ ᠣᠷᠣᠭᠤᠯᠤᠭᠰᠠᠨ ᠬᠡᠪᠯᠡᠯ︶ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/8
ᠨᠢᠭᠡ᠂ ᠲᠣᠭᠲᠠᠭᠠᠭᠰᠠᠨ ᠠᠬᠤᠶ ᠪᠠᠶᠢᠳᠠᠯ      ︽ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠬᠦᠴᠦᠷᠬᠡᠭ ᠶᠡᠭᠡ ᠵᠠᠬ᠎ᠠ ᠳᠡᠯᠭᠡᠭᠦᠷ ᠤᠨ ᠪᠦᠷᠢᠯᠳᠦᠬᠦ ᠶᠢ ᠠᠬᠢᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠠᠨᠠᠯ︾ ︵ᠬᠥᠭᠵᠢᠭᠦᠯᠦᠯᠲᠡ ᠥᠭᠡᠷᠡᠴᠢᠯᠡᠯᠲᠡ ᠠᠵᠤ ᠠᠬᠤᠶ ᠠᠷᠠᠯᠵᠢᠶ᠎ᠠ ︹2019︺ 352 ᠳ᠋ᠤᠭᠠᠷ ᠲᠣᠭᠠᠲᠤ︶ ᠪᠠ ︽ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠬᠦᠴᠦᠷᠬᠡᠭ ᠶᠡᠭᠡ ᠵᠠᠬ᠎ᠠ ᠳᠡᠯᠭᠡᠭᠦᠷ ᠤᠨ ᠪᠦᠷᠢᠯᠳᠦᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠠᠷᠠᠯᠵᠢᠶ᠎ᠠ ᠥᠰᠥᠭ ﹇2020﹈ 69 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠷᠢᠶ᠎ᠠ 2021 ᠣᠨ ᠤ 2 ᠳ᠋ᠤᠭᠠᠷ ᠰᠠᠷ᠎ᠠ ᠳᠤ ︽ᠤᠯᠠᠭᠠᠨᠴᠠᠪ ᠬᠤᠲᠠ ᠶᠢᠨ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ ︶  ᠢ ᠳᠠᠷᠤᠮᠠᠯᠯᠠᠨ ᠲᠠᠷᠬᠠᠭᠠᠪᠠ᠃ ᠤᠯᠠᠭᠠᠨᠴᠠᠪ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠢᠶᠠᠷ ᠭᠤᠤᠯ ᠪᠣᠯᠭᠠᠨ ᠵᠠᠩᠭᠢᠯᠠᠭ᠎ᠠ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠶᠢ ᠨᠠᠩ ᠰᠠᠶᠢᠲᠤᠷ ᠠᠬᠢᠭᠤᠯᠵᠤ᠂ ︽ᠬᠡᠷᠡᠭᠵᠢᠭᠦᠯᠬᠦ ᠰᠠᠨᠠᠯ︾ ᠤᠨ ᠠᠭᠤᠯᠭ᠎ᠠ ᠶᠢᠨ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠪᠠᠲᠤᠯᠠᠬᠤ ᠶᠢᠨ ᠲᠥᠯᠥᠭᠡ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠮᠠᠨ ᠤ ᠬᠤᠲᠠ ᠶᠢᠨ ᠪᠣᠳᠠᠲᠠᠶ ᠪᠠᠶᠢᠳᠠᠯ ᠳᠤ ᠰᠠᠭᠤᠷᠢᠯᠠᠨ᠂ ︽ᠬᠡᠷᠡᠭᠵᠢᠭᠦᠯᠬᠦ ᠰᠠᠨᠠᠯ︾ ᠤᠨ ᠠᠭᠤᠯᠭ᠎ᠠ ᠳᠤ ᠳᠠᠬᠢᠨ ᠲᠣᠬᠢᠷᠠᠭᠤᠯᠤᠯᠲᠠ ᠬᠢᠵᠦ᠂ ︽ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠲᠤᠭᠤᠷᠪᠢᠵᠤ᠂ ᠡᠳᠦᠭᠡ ᠬᠤᠲᠠ ᠶᠢᠨ ᠵᠠᠰᠠᠭ ᠤᠨ ᠣᠷᠳᠣᠨ ᠤ 2024 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠷᠤᠮᠠᠯᠯᠠᠨ ᠲᠠᠷᠬᠠᠭᠠᠪᠠ᠃ ᠬᠤᠶᠠᠷ᠂ ᠭᠤᠣᠯ ᠠᠭᠤᠯᠭ᠎ᠠ      ︽ᠬᠡᠷᠡᠭᠵᠢᠭᠦᠯᠬᠦ ᠰᠠᠨᠠᠯ︾ ᠳᠤ ᠨᠡᠶᠢᠲᠡ ᠵᠢᠷᠭᠤᠭᠠᠨ ᠬᠡᠰᠡᠭ ᠠᠷᠪᠠᠨ ᠳᠣᠯᠣᠭᠠᠨ ᠲᠥᠷᠥᠯ ᠤᠨ ᠪᠣᠳᠠᠲᠠᠶ ᠠᠭᠤᠯᠭ᠎ᠠ ᠶᠢ ᠪᠠᠭᠲᠠᠭᠠᠨ᠎ᠠ᠃      ᠨᠢᠭᠡᠳᠦᠭᠡᠷ ᠬᠡᠰᠡᠭ᠂ ᠶᠡᠷᠦᠩᠬᠡᠶ ᠱᠠᠭᠠᠷᠳᠠᠯᠭ᠎ᠠ᠃ ᠨᠢᠭᠡ ᠳᠤ᠂ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠶ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮ ᠢ ᠪᠠᠶᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠠᠩᠭᠢᠯᠠᠭ᠎ᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠬᠦ ᠲᠤᠬᠠᠶ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠣᠯᠠᠨ ᠲᠠᠯ᠎ᠠ ᠪᠠᠷ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠵᠠᠩᠭᠢᠯᠠᠭ᠎ᠠ ᠶᠢᠨ ᠠᠵᠤ ᠠᠬᠤᠶ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠶᠠᠷ ᠲᠤ᠂ ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠵᠤ᠂ ︽ᠤᠮᠠᠷᠠᠳᠤ ᠶᠢᠨ ᠪᠠᠷᠠᠭᠠᠨ ᠤ ᠬᠦᠢᠯᠭᠡᠭᠡᠨ ᠤ ᠵᠠᠮ ᠢ ᠨᠡᠪᠳᠡᠷᠡᠬᠦᠯᠵᠦ᠂ ᠤᠮᠠᠷᠠᠰᠢ ᠨᠡᠭᠡᠭᠡᠯᠲᠡ ᠬᠢᠬᠦ ᠲᠠᠪᠴᠠᠩ ᠢ ᠪᠠᠶᠢᠭᠤᠯᠵᠤ᠂ ᠤᠮᠠᠷᠠᠳᠤ ᠶᠢᠨ ᠠᠵᠤ ᠦᠢᠯᠡᠰ ᠤᠨ ᠠᠭᠤᠰᠤᠯᠴᠠᠯ ᠤᠨ ᠰᠠᠭᠤᠷᠢᠨ ᠢ ᠪᠠᠶᠢᠭᠤᠯᠬᠤ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠣᠶ ᠪᠣᠯᠭᠠᠵᠤ᠂ 2025 ᠤᠨ ᠪᠣᠯᠬᠤ ᠳᠤ ᠮᠠᠨ ᠤ ᠬᠤᠲᠠ ᠶᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠥᠪ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠪᠡᠭᠡᠵᠢᠩ ᠲᠢᠶᠠᠨᠵᠢᠨ ᠾᠧᠪᠧᠶ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠶᠡᠭᠡ ᠬᠡᠮᠵᠢᠶᠡᠨ ᠤ ᠲᠠᠸᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠪᠠᠷᠠᠭᠠᠨ ᠤ ᠭᠦᠢᠯᠭᠡᠭᠡᠨ ᠤ ᠬᠦᠢᠰᠦ ᠲᠥᠪ ᠪᠣᠯᠭᠠᠨ ᠪᠥᠲᠥᠭᠡᠨ ᠪᠠᠶᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠪᠠᠷᠠᠭᠠᠨ ᠤ ᠭᠦᠢᠯᠭᠡᠭᠡᠨ ᠤ ᠬᠦᠢᠰᠦ ᠰᠦᠯᠵᠢᠶ᠎ᠡ ᠶᠢ ᠲᠡᠭᠦᠯᠳᠡᠷᠵᠢᠭᠦᠯᠬᠦ ᠪᠠ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠠᠭᠤᠰᠤᠯᠴᠠᠬᠤ ᠳᠤ ᠬᠦᠴᠦᠨ ᠨᠡᠮᠡᠷᠢᠯᠡᠨ᠎ᠡ᠃      ᠬᠤᠶᠠᠳᠤᠭᠠᠷ ᠬᠡᠰᠡᠭ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠡᠯ᠎ᠡ ᠬᠡᠰᠡᠭ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠪᠣᠭᠤᠮᠲᠠ ᠶᠢᠨ ᠴᠢᠳᠠᠮᠵᠢ ᠶᠢ ᠨᠥᠬᠦᠪᠥᠷᠢᠯᠡᠬᠦ ᠶᠢ ᠠᠬᠢᠭᠤᠯᠬᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠳᠤᠷᠠᠳᠬᠤ ᠶᠢᠨ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠭᠤᠤᠯᠳᠠᠯᠭ᠎ᠠ ᠲᠠᠢ ᠲᠥᠷᠥᠯ ᠵᠦᠢᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠬᠤᠲᠠ ᠶᠢᠨ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠢ ᠲᠣᠳᠣᠷᠬᠠᠶᠢᠯᠠᠵᠤ᠂ ᠮᠠᠨ ᠤ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ ᠶᠣᠰᠣᠭᠠᠷ ᠡᠯ᠎ᠡ ᠵᠦᠢᠯ ᠤᠨ ᠠᠵᠢᠯ ᠢᠶᠠᠨ ᠲᠦᠷᠭᠡᠳᠬᠡᠨ ᠥᠷᠨᠢᠭᠦᠯᠬᠦ ᠶᠢ ᠠᠬᠢᠭᠤᠯᠤᠨ᠎ᠠ᠃      ᠭᠤᠷᠪᠠᠳᠤᠭᠠᠷ ᠬᠡᠰᠡᠭ᠂ ᠪᠠᠷᠠᠭᠠᠨ ᠤ ᠭᠦᠢᠯᠭᠡᠭᠡᠨ ᠤ ᠦᠢᠯᠡᠰ ᠪᠣᠯᠤᠨ ᠪᠤᠰᠤᠳ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠳᠠᠯᠢ ᠪᠤᠰᠤ ᠭᠤᠤᠯᠳᠠᠯᠭ᠎ᠠ ᠶᠢ ᠦᠨᠳᠦᠰᠦᠯᠡᠵᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠪᠠᠷ ᠪᠠᠷᠠᠭᠠᠨ ᠤ ᠭᠦᠢᠯᠭᠡᠭᠡᠨ ᠤ ᠦᠢᠯᠡᠰ ᠪᠠ ᠲᠠᠷᠢᠶᠠᠯᠠᠩ ᠮᠠᠯ ᠠᠵᠤ ᠠᠬᠤᠶ ᠶᠢᠨ ᠠᠭᠤᠰᠤᠯᠴᠠᠯ ᠢ ᠠᠬᠢᠭᠤᠯᠬᠤ᠂ ᠪᠠᠷᠠᠭᠠᠨ ᠤ ᠭᠦᠢᠯᠭᠡᠭᠡ ᠪᠠᠷ ᠭᠤᠤᠯ ᠪᠣᠯᠭᠠᠭᠰᠠᠨ ᠦᠢᠯᠡᠳᠬᠦ ᠦᠢᠯᠡᠰ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠬᠦ᠂ ᠬᠤᠲᠠ ᠬᠥᠳᠡᠭᠡ ᠶᠢᠨ ᠬᠡᠷᠡᠭᠯᠡᠭᠡᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠠᠮᠢᠶ᠎ᠠ ᠪᠥᠬᠦᠶ ᠰᠠᠨᠠᠯ ᠪᠠ ᠪᠣᠳᠠᠲᠠᠶ ᠠᠵᠢᠯ ᠤᠨ ᠡᠭᠦᠷᠭᠡ ᠶᠢ ᠳᠤᠷᠠᠳᠪᠠ᠃      ᠳᠥᠷᠪᠡᠳᠦᠭᠡᠷ ᠬᠡᠰᠡᠭ᠂ ᠪᠥᠬᠦ ᠬᠤᠲᠠ ᠶᠢᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠶᠡᠬᠡᠪᠡᠷ ᠪᠠᠭᠤᠷᠠᠭᠤᠯᠵᠤ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠮᠡᠲᠦ ᠶᠢᠨ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠰᠦᠢᠳᠭᠡᠯ ᠬᠤᠷᠢᠶᠠᠬᠤ ᠶᠢ ᠪᠠᠭᠠᠰᠬᠠᠬᠤ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠭᠤᠷᠪᠠᠨ ᠲᠠᠯ᠎ᠠ ᠶᠢᠨ ᠲᠤᠭᠤᠷᠢᠨ ᠳᠤ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠪᠠ ᠠᠵᠢᠯ ᠤᠨ ᠡᠬᠦᠷᠭᠡ ᠶᠢ ᠳᠤᠷᠠᠳᠪᠠ      ᠲᠠᠪᠤᠳᠤᠭᠠᠷ ᠬᠡᠰᠡᠭ᠂ ᠪᠠᠷᠠᠭᠠᠨ ᠤ ᠭᠦᠢᠯᠭᠡᠭᠡᠨ ᠤ ᠵᠠᠮ ᠪᠠ ᠪᠠᠷᠠᠭᠠᠨ ᠤ ᠭᠦᠢᠯᠭᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠤᠮᠠᠷᠠᠳᠤ ᠶᠢᠨ ᠪᠠᠷᠠᠭᠠᠨ ᠤ ᠭᠦᠢᠯᠭᠡᠭᠡᠨ ᠤ ᠵᠠᠮ ᠢ ᠲᠦᠷᠭᠡᠳᠬᠡᠨ ᠪᠠᠶᠢᠭᠤᠯᠬᠤ᠂ ᠥᠪᠥᠷ ᠮᠣᠩᠭᠤᠯ ᠤᠨ ᠴᠢᠯᠥᠭᠡᠲᠦ ᠠᠷᠠᠯᠵᠢᠶᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ ᠢ ᠲᠦᠷᠭᠡᠳᠬᠡᠨ ᠪᠠᠶᠢᠭᠤᠯᠬᠤ ᠵᠡᠷᠭᠡ ᠲᠠᠯ᠎ᠠ ᠪᠠᠷ ᠭᠤᠤᠯᠯᠠᠭᠤᠯᠤᠨ᠂ ᠮᠠᠨ ᠤ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠵᠠᠮ ᠨᠡᠪᠲᠡᠷᠡᠯᠳᠡ᠂ ᠰᠦᠯᠵᠢᠶᠡᠵᠢᠯᠲᠡ᠂ ᠤᠯᠤᠰᠵᠢᠭᠤᠯᠤᠨ ᠬᠥᠭᠵᠢᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠯ ᠪᠠ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠳᠤᠷᠠᠳᠪᠠ᠃      ᠵᠢᠷᠭᠤᠳᠤᠭᠠᠷ ᠬᠡᠰᠡᠭ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠪᠠᠲᠤᠯᠠᠨ ᠳᠡᠮᠵᠢᠬᠦ ᠶᠢ ᠴᠢᠩᠭᠠᠳᠬᠠᠵᠤ᠂ ᠪᠠᠶᠢᠭᠤᠯᠤᠮᠵᠢ ᠶᠢᠨ ᠪᠠᠲᠤᠯᠠᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠵᠡᠷᠭᠡ ᠲᠠᠯ᠎ᠠ ᠪᠠᠷ ᠭᠤᠣᠯᠯᠠᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠪᠠᠲᠤᠯᠠᠨ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠭᠤᠷᠪᠠ᠂ ᠠᠴᠢ ᠬᠤᠯᠪᠣᠭᠳᠠᠯ        ︽ᠬᠡᠷᠡᠭᠵᠢᠭᠦᠯᠬᠦ ᠰᠠᠨᠠᠯ︾ ᠨᠢ ᠤᠯᠠᠭᠠᠨᠴᠠᠪ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠮᠠᠨ ᠤ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠂ ᠪᠠᠷᠠᠭᠠᠨ ᠤ ᠭᠦᠢᠯᠭᠡᠭᠡᠨ ᠤ ᠦᠢᠯᠡᠰ ᠬᠢᠭᠡᠳ ᠪᠤᠰᠤᠳ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ᠂ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                            ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3