ᠪᠥᠬᠦ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ | ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ | ᠂ ︽ᠰᠢᠩ ᠾᠧ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ | ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ | ᠱᠠᠭᠠᠷᠳᠠᠯᠭ᠎ᠠ ᠶᠣᠰᠣᠭᠠᠷ᠂ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠣᠲᠣ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ | ᠴᠡᠭᠴᠡᠯᠡᠨ ᠵᠠᠰᠠᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠢᠯᠡ ᠵᠠᠷᠯᠠᠶ᠎ᠠ᠄ | ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ | 2023 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 6 ᠰᠠᠷ᠎ᠠ ᠶᠢᠨ 30 ᠤ ᠡᠳᠦᠷ | ᠪᠣᠯᠲᠠᠯᠠᠬᠢ ᠬᠤᠭᠤᠴᠠᠭᠠᠨ ᠳᠤ᠂ ᠰᠢᠩ ᠾᠧ ᠰᠢᠶᠠᠨ ᠤ ᠬᠡᠪᠴᠢᠶᠡᠨ ᠳᠤ ᠬᠠᠤᠯᠢ ᠶᠣᠰᠣᠭᠠᠷ ᠡᠷᠬᠡᠪᠰᠢ | ᠳᠠᠭᠠᠭᠠᠴᠢᠯᠠᠯᠲᠠ ᠵᠠᠷᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠲᠥᠷᠥᠯ ᠵᠦᠢᠯ᠂ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ | ᠵᠦᠢᠯ ᠤᠨ ᠳᠤᠮᠳᠠ ᠠᠯᠪᠠᠨ ᠲᠤᠰᠢᠶᠠᠯᠲᠠᠨ ᠤ ᠲᠣᠭᠲᠠᠭᠠᠯ ᠠᠴᠠ ᠵᠥᠷᠢᠴᠡᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠲᠠᠯ᠎ᠠ ᠳᠤ ᠭᠠᠷ ᠲᠦᠷᠦᠭᠦ︔ ᠳᠠᠭᠠᠭᠠᠴᠢᠯᠠᠯᠲᠠ ᠵᠠᠷᠯᠠᠬᠤ᠂ ᠬᠢᠨᠠᠨ ᠲᠣᠭᠲᠠᠭᠠᠬᠤ | ᠲᠤᠰᠬᠠᠶ ᠮᠡᠷᠭᠡᠵᠢᠯᠲᠡᠨ ᠢᠶᠠᠷ ᠬᠦᠷᠢᠶᠡᠯᠡᠭᠦᠯᠦᠨᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠦᠨ᠎ᠡ | ᠬᠠᠩᠰᠢ ᠨᠢ ᠴᠢᠨᠠᠷ ᠰᠠᠶᠢᠲᠠᠶ ᠪᠠᠭᠤᠷᠠᠢ᠂ ᠵᠢᠭᠠᠨ ᠲᠣᠭᠲᠠᠭᠠᠭᠰᠠᠨ ᠠᠷᠠᠯᠵᠢᠶᠠᠨ ᠤ ᠲᠠᠯ᠎ᠠ︔ ᠢᠨᠵᠧᠨᠧᠷᠢᠩ ᠤᠨ | ᠲᠣᠭᠲᠠᠭᠠᠯ ᠠᠴᠠ ᠵᠥᠷᠢᠴᠡᠨ ᠳᠠᠭᠠᠭᠠᠴᠢᠯᠠᠨ ᠠᠪᠬᠤ᠂ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠬᠤ᠂ | ᠠᠵᠢᠯ ᠢ ᠳᠥᠭᠦᠮᠴᠢᠯᠡᠨ ᠪᠠᠭᠠᠰᠬᠠᠬᠤ ᠲᠠᠯ᠎ᠠ ᠪᠠᠷ᠃ | ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ | ᠨᠡᠶᠢᠭᠡᠮ ᠤᠨ ᠡᠯ᠎ᠡ ᠡᠲᠡᠭᠡᠳ ᠤᠨ ᠬᠢᠨ ︽12345︾ ᠬᠠᠯᠠᠮᠰᠢᠯ ᠤᠲᠠᠰᠤ᠂ ᠲᠤᠬᠠᠶ ᠶᠢᠨ ᠲᠠᠯᠠᠪᠠᠶ ᠳᠤ | ᠲᠤᠰᠢᠶᠠᠬᠤ᠂ ᠵᠠᠬᠢᠳᠠᠯ᠂ ᠫᠤᠷᠲ᠋ᠧᠯ ᠰᠦᠯᠵᠢᠶ᠎ᠡ ᠪᠠᠷ ᠢᠯᠡᠴᠢᠯᠡᠨ ᠮᠡᠳᠡᠭᠦᠯᠬᠦ ᠲᠤᠰᠬᠠᠶ ᠲᠣᠭᠤᠷᠢᠭ᠂ ᠡᠯᠧᠺᠳ᠋ᠷᠣᠨ | ᠰᠢᠤᠳᠠᠨ ᠤ ᠬᠠᠶᠢᠷᠴᠠᠭ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠪᠡᠭᠴᠢ ᠲᠤᠰᠢᠶᠠᠵᠤ ᠪᠣᠯᠤᠨ᠎ᠠ᠃ | ᠤᠲᠠᠰᠤ᠄ ︽12345︾ ᠬᠠᠯᠠᠮᠰᠢᠯ ᠤᠲᠠᠰᠤ᠂ 0474 - 7588901 | ᠲᠤᠬᠠᠶ ᠶᠢᠨ ᠲᠠᠯᠠᠪᠠᠶ ᠳᠤ ᠲᠤᠰᠢᠶᠠᠬᠤ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ | ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ 4 ᠳ᠋ᠦᠭᠡᠷ | ᠳᠠᠪᠬᠤᠷᠯᠢᠭ ᠤᠨ ᠠᠯᠪᠠᠨ ᠭᠡᠷ | ᠵᠠᠬᠢᠳᠠᠯ ᠰᠤᠷᠪᠤᠯᠵᠢᠯᠠᠭ᠎ᠠ ᠶᠢᠨ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠾᠧ | ᠰᠢᠶᠠᠨ ᠤ ᠰᠢᠨ᠎ᠡ ᠬᠤᠲᠠ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ 4 ᠳ᠋ᠦᠭᠡᠷ | ᠳᠠᠪᠬᠤᠷᠯᠢᠭ ᠤᠨ ᠠᠯᠪᠠᠨ ᠭᠡᠷ | ᠫᠣᠷᠲ᠋ᠧᠯ ᠰᠦᠯᠵᠢᠶᠡᠨ ᠥᠷᠲᠡᠭᠡᠨ ᠢᠯᠡᠴᠢᠯᠡᠨ ᠮᠡᠳᠡᠭᠦᠯᠬᠦ ᠲᠤᠰᠭᠠᠢ ᠣᠷᠣᠨ᠄ https://ggzyjy. | nmg.gov.cn/msym/wlcbsggx_4748/zyts-4751 | ᠢᠮᠧᠯ᠄ xhxggzyjyzx2021@163.com | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | ᠪᠠᠶᠢᠴᠠᠭᠠᠬᠤ ᠪᠠ ᠬᠠᠷᠢᠭᠤ ᠲᠤᠰᠬᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠢᠯᠡᠴᠢᠯᠡᠨ | ᠮᠡᠳᠡᠭᠦᠯᠦᠭᠴᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠢᠯᠡᠴᠢᠯᠡᠨ ᠮᠡᠳᠡᠭᠦᠯᠬᠦ | ᠠᠭᠤᠯᠭ᠎ᠠ ᠵᠢᠴᠢ ᠢᠯᠡᠴᠢᠯᠡᠨ ᠮᠡᠳᠡᠭᠦᠯᠦᠭᠰᠡᠨ ᠵᠦᠢᠯᠡᠰ ᠤᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠵᠡᠷᠭᠡ ᠮᠡᠳᠡᠭᠡ | ᠵᠠᠩᠭᠢ ᠶᠢ ᠬᠠᠩᠭᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠰᠦᠪᠡᠭᠴᠢ ᠡᠷᠬᠡᠪᠰᠢ ᠦᠨᠡᠨ ᠠᠴᠠ ᠵᠥᠪ ᠢ ᠡᠷᠢᠵᠦ᠂ | ᠠᠯᠢ ᠴᠢᠳᠠᠬᠤ ᠪᠠᠷ ᠨᠠᠷᠢᠨ ᠪᠣᠳᠠᠲᠠᠶ ᠰᠦᠪᠡᠭᠴᠢ ᠪᠤᠶᠤ ᠬᠠᠮᠢᠶ᠎ᠠ ᠪᠥᠬᠦᠶ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠶ᠃ | ᠰᠢᠶᠠᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠬᠦᠯᠢᠶᠡᠨ ᠠᠪᠤᠭᠰᠠᠨ | ᠠᠰᠠᠭᠤᠳᠠᠯ ᠤᠨ ᠰᠦᠪᠡᠭᠴᠢ ᠶᠢ ᠬᠤᠷᠢᠶᠠᠩᠭᠤᠶᠢᠯᠠᠨ ᠡᠮᠬᠢᠯᠡᠵᠦ᠂ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ | ᠪᠠᠶᠢᠴᠠᠭᠠᠨ ᠲᠤᠳᠤᠯᠠᠭᠠᠳ ᠦᠨᠡᠨ ᠪᠣᠳᠠᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ | ᠪᠣᠯᠤᠨ᠎ᠠ᠃ ᠡᠭᠦᠨ ᠤ ᠬᠠᠮᠲᠤ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ | ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ | ᠂ ᠵᠠᠳᠠᠷᠠᠭᠰᠠᠨ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠪᠤᠶᠤ ᠴᠣᠬᠢᠯᠲᠠ ᠥᠭᠴᠦ ᠬᠠᠷᠢᠭᠤ ᠠᠪᠴᠤ ᠢᠯᠡᠴᠢᠯᠡᠨ | ᠮᠡᠳᠡᠭᠦᠯᠦᠭᠰᠡᠨ ᠬᠥᠮᠦᠨ ᠢ ᠪᠠᠶᠢᠴᠠᠭᠠᠨ ᠳᠣᠲᠣᠯᠠᠮᠠᠭᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠴᠢᠩᠭ᠎ᠠ ᠰᠢᠢᠳᠪᠦᠷᠢᠯᠡᠬᠦ ᠪᠣᠯᠤᠨ᠎ᠠ᠃ | ᠣᠨᠴᠠᠭᠠᠶᠢᠯᠠᠨ ᠮᠡᠳᠡᠭᠳᠡᠪᠡ᠃ | 2024 ᠣᠨ ᠤ 5 ᠰᠠᠷ᠎ᠠ ᠶᠢᠨ 6 ᠤ ᠡᠳᠦᠷ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |