ᠮᠠᠨ ᠤ ᠰᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠤ ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/9
     5 ᠰᠠᠷ᠎ᠠ ᠶᠢᠨ 6᠎ ᠤ ᠡᠳᠦᠷ᠂ ᠮᠠᠨ ᠤ ᠰᠢᠶᠠᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ᠃      ᠬᠤᠷᠠᠯ ᠠᠴᠠ ᠮᠠᠨ ᠤ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠤ ᠥᠪᠡᠷ ᠢ ᠪᠠᠨ ᠪᠠᠶᠢᠴᠠᠭᠠᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠭᠰᠡᠨ ᠪᠥᠭᠡᠳ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠰᠠᠷ᠎ᠠ ᠶᠢᠨ ᠲᠣᠬᠢᠷᠠᠭᠤᠯᠤᠯᠲᠠ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ︔ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠭᠦᠨᠵᠡᠭᠡᠢ ᠰᠤᠷᠭᠠᠮᠵᠢ ᠠᠪᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠶ᠃ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠠᠯᠪᠠᠨ ᠲᠤᠰᠢᠶᠠᠯᠲᠠᠨ ᠤ ᠲᠣᠭᠲᠠᠭᠠᠯ ᠠᠴᠠ ᠵᠥᠷᠢᠴᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠨ᠎ᠡ ᠬᠠᠩᠰᠢ ᠥᠨᠳᠥᠷ ᠶᠠᠰᠤ ᠴᠢᠨᠠᠷ ᠮᠠᠭᠤ ᠵᠡᠷᠭᠡ ᠠᠰᠠᠭᠤᠳᠠᠯ ᠳᠤ ᠲᠣᠭᠲᠠᠭᠠᠯ ᠠᠴᠠ ᠵᠥᠷᠢᠴᠡᠨ ᠭᠠᠷ ᠲᠦᠷᠦᠭᠦ ᠶᠢ ᠴᠢᠩᠭ᠎ᠠ ᠠᠩᠬᠠᠷᠴᠤ᠂ ᠬᠠᠷᠠᠯᠲᠠ ᠲᠠᠢ ᠪᠠᠷ ᠬᠦᠴᠦᠯᠡᠵᠦ᠂ ᠨᠠᠷᠢᠯᠢᠭ ᠣᠨᠣᠴᠠᠲᠠᠢ ᠪᠠᠷ ᠵᠠᠰᠠᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠡᠷᠬᠡᠪᠰᠢ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠷᠠᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠡᠷᠬᠡ ᠲᠡᠭᠰᠢ ᠲᠥᠪ ᠭᠤᠤᠯᠴᠢ᠂ ᠵᠢᠷᠤᠮᠵᠢᠯ ᠲᠠᠢ ᠥᠨᠳᠥᠷ ᠪᠦᠲᠦᠮᠵᠢᠲᠡᠶ᠂ ᠢᠯᠡ ᠲᠣᠳᠣ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3