ᠢᠯᠡ ᠪᠠᠷ ᠢᠯᠡᠴᠢᠯᠡᠨ ᠮᠡᠳᠡᠭᠦᠯᠬᠦ ᠠᠷᠭ᠎ᠠ ᠵᠠᠮ ᠤᠨ ᠲᠤᠬᠠᠶ ᠰᠢᠩ ᠾᠧ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠠᠯᠪᠠᠨ ᠵᠠᠷ
ᠨᠡᠶᠢᠲᠡᠯᠡᠭᠰᠡᠨ ᠴᠠᠭ᠄
2024/5/9
     ᠪᠥᠬᠦ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ ᠂ ︽ᠰᠢᠩ ᠾᠧ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠣᠲᠣ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠢᠯᠡ ᠵᠠᠷᠯᠠᠶ᠎ᠠ᠄      ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ      2023 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 6 ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭᠠᠨ ᠳᠤ᠂ ᠰᠢᠩ ᠾᠧ ᠰᠢᠶᠠᠨ ᠤ ᠬᠡᠪᠴᠢᠶᠡᠨ ᠳᠤ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ᠂ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠳᠤᠮᠳᠠ ᠠᠯᠪᠠᠨ ᠲᠤᠰᠢᠶᠠᠯᠲᠠᠨ ᠤ ᠲᠣᠭᠲᠠᠭᠠᠯ ᠠᠴᠠ ᠵᠥᠷᠢᠴᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠯ᠎ᠠ ᠳᠤ ᠭᠠᠷ ᠲᠦᠷᠦᠭᠦ︔ ᠳᠠᠭᠠᠭᠠᠴᠢᠯᠠᠯᠲᠠ ᠵᠠᠷᠯᠠᠬᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢᠶᠠᠷ ᠬᠦᠷᠢᠶᠡᠯᠡᠭᠦᠯᠦᠨ᠎ᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠦᠨ᠎ᠡ ᠬᠠᠩᠰᠢ ᠨᠢ ᠴᠢᠨᠠᠷ ᠰᠠᠶᠢᠲᠠᠶ ᠪᠠᠭᠤᠷᠠᠢ᠂ ᠵᠢᠭᠠᠨ ᠲᠣᠭᠲᠠᠭᠠᠭᠰᠠᠨ ᠠᠷᠠᠯᠵᠢᠶᠠᠨ ᠤ ᠲᠠᠯ᠎ᠠ︔ ᠢᠨᠵᠧᠨᠧᠷᠢᠩ ᠤᠨ ᠲᠣᠭᠲᠠᠭᠠᠯ ᠠᠴᠠ ᠵᠥᠷᠢᠴᠡᠨ ᠳᠠᠭᠠᠭᠠᠴᠢᠯᠠᠨ ᠠᠪᠬᠤ᠂ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠬᠤ᠂ ᠠᠵᠢᠯ ᠢ ᠳᠥᠭᠦᠮᠴᠢᠯᠡᠨ ᠪᠠᠭᠠᠰᠬᠠᠬᠤ ᠲᠠᠯ᠎ᠠ ᠪᠠᠷ᠃      ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ      ᠨᠡᠶᠢᠭᠡᠮ ᠤᠨ ᠡᠯ᠎ᠡ ᠡᠲᠡᠭᠡᠳ ᠤᠨ ᠬᠢᠨ ︽12345︾ ᠬᠠᠯᠠᠮᠰᠢᠯ ᠤᠲᠠᠰᠤ᠂ ᠲᠤᠬᠠᠶ ᠶᠢᠨ ᠲᠠᠯᠠᠪᠠᠶ ᠳᠤ ᠲᠤᠰᠢᠶᠠᠬᠤ᠂ ᠵᠠᠬᠢᠳᠠᠯ᠂ ᠫᠤᠷᠲ᠋ᠧᠯ ᠰᠦᠯᠵᠢᠶ᠎ᠡ ᠪᠠᠷ ᠢᠯᠡᠴᠢᠯᠡᠨ ᠮᠡᠳᠡᠭᠦᠯᠬᠦ ᠲᠤᠰᠬᠠᠶ ᠲᠣᠭᠤᠷᠢᠭ᠂ ᠡᠯᠧᠺᠳ᠋ᠷᠣᠨ ᠰᠢᠤᠳᠠᠨ ᠤ ᠬᠠᠶᠢᠷᠴᠠᠭ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠪᠡᠭᠴᠢ ᠲᠤᠰᠢᠶᠠᠵᠤ ᠪᠣᠯᠤᠨ᠎ᠠ᠃      ᠤᠲᠠᠰᠤ᠄ ︽12345︾ ᠬᠠᠯᠠᠮᠰᠢᠯ ᠤᠲᠠᠰᠤ᠂ 0474 - 7588901      ᠲᠤᠬᠠᠶ ᠶᠢᠨ ᠲᠠᠯᠠᠪᠠᠶ ᠳᠤ ᠲᠤᠰᠢᠶᠠᠬᠤ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ 4 ᠳ᠋ᠦᠭᠡᠷ ᠳᠠᠪᠬᠤᠷᠯᠢᠭ ᠤᠨ ᠠᠯᠪᠠᠨ ᠭᠡᠷ      ᠵᠠᠬᠢᠳᠠᠯ ᠰᠤᠷᠪᠤᠯᠵᠢᠯᠠᠭ᠎ᠠ ᠶᠢᠨ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ 4 ᠳ᠋ᠦᠭᠡᠷ ᠳᠠᠪᠬᠤᠷᠯᠢᠭ ᠤᠨ ᠠᠯᠪᠠᠨ ᠭᠡᠷ      ᠫᠣᠷᠲ᠋ᠧᠯ ᠰᠦᠯᠵᠢᠶᠡᠨ ᠥᠷᠲᠡᠭᠡᠨ ᠢᠯᠡᠴᠢᠯᠡᠨ ᠮᠡᠳᠡᠭᠦᠯᠬᠦ ᠲᠤᠰᠭᠠᠢ ᠣᠷᠣᠨ᠄ https://ggzyjy.nmg.gov.cn/msym/wlcbsggx_4748/zyts-4751      ᠢᠮᠧᠯ᠄ xhxggzyjyzx2021@163.com      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ᠪᠠᠶᠢᠴᠠᠭᠠᠬᠤ ᠪᠠ ᠬᠠᠷᠢᠭᠤ ᠲᠤᠰᠬᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠴᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠢᠯᠡᠴᠢᠯᠡᠨ ᠮᠡᠳᠡᠭᠦᠯᠬᠦ ᠠᠭᠤᠯᠭ᠎ᠠ ᠵᠢᠴᠢ ᠢᠯᠡᠴᠢᠯᠡᠨ ᠮᠡᠳᠡᠭᠦᠯᠦᠭᠰᠡᠨ ᠵᠦᠢᠯᠡᠰ ᠤᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠰᠦᠪᠡᠭᠴᠢ ᠡᠷᠬᠡᠪᠰᠢ ᠦᠨᠡᠨ ᠠᠴᠠ ᠵᠥᠪ ᠢ ᠡᠷᠢᠵᠦ᠂ ᠠᠯᠢ ᠴᠢᠳᠠᠬᠤ ᠪᠠᠷ ᠨᠠᠷᠢᠨ ᠪᠣᠳᠠᠲᠠᠶ ᠰᠦᠪᠡᠭᠴᠢ ᠪᠤᠶᠤ ᠬᠠᠮᠢᠶ᠎ᠠ ᠪᠥᠬᠦᠶ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠶ᠃      ᠰᠢᠶᠠᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠬᠦᠯᠢᠶᠡᠨ ᠠᠪᠤᠭᠰᠠᠨ ᠠᠰᠠᠭᠤᠳᠠᠯ ᠤᠨ ᠰᠦᠪᠡᠭᠴᠢ ᠶᠢ ᠬᠤᠷᠢᠶᠠᠩᠭᠤᠶᠢᠯᠠᠨ ᠡᠮᠬᠢᠯᠡᠵᠦ᠂ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠪᠠᠶᠢᠴᠠᠭᠠᠨ ᠲᠤᠳᠤᠯᠠᠭᠠᠳ ᠦᠨᠡᠨ ᠪᠣᠳᠠᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠪᠣᠯᠤᠨ᠎ᠠ᠃ ᠡᠭᠦᠨ ᠤ ᠬᠠᠮᠲᠤ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠵᠠᠳᠠᠷᠠᠭᠰᠠᠨ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠪᠤᠶᠤ ᠴᠣᠬᠢᠯᠲᠠ ᠥᠭᠴᠦ ᠬᠠᠷᠢᠭᠤ ᠠᠪᠴᠤ ᠢᠯᠡᠴᠢᠯᠡᠨ ᠮᠡᠳᠡᠭᠦᠯᠦᠭᠰᠡᠨ ᠬᠥᠮᠦᠨ ᠢ ᠪᠠᠶᠢᠴᠠᠭᠠᠨ ᠳᠣᠲᠣᠯᠠᠮᠠᠭᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠰᠢᠢᠳᠪᠦᠷᠢᠯᠡᠬᠦ ᠪᠣᠯᠤᠨ᠎ᠠ᠃      ᠣᠨᠴᠠᠭᠠᠶᠢᠯᠠᠨ ᠮᠡᠳᠡᠭᠳᠡᠪᠡ᠃                       2024 ᠣᠨ ᠤ 5 ᠰᠠᠷ᠎ᠠ ᠶᠢᠨ 6 ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3