ᠰᠢᠩ ᠾᠧ ᠰᠢᠶᠠᠨ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠬᠥᠭᠵᠢᠯᠲᠡ ᠵᠢᠴᠢ ︽ᠤᠯᠤᠰ ᠢᠶᠠᠨ ᠬᠦᠴᠦᠷᠬᠡᠭᠵᠢᠭᠦᠯᠬᠦ ᠵᠣᠷᠢᠭ ᠰᠠᠨᠠᠭᠠᠨ ᠤ ᠵᠠᠯᠠᠭᠤᠴᠤᠳ ᠬᠡᠯᠡᠬᠦ︾ ᠵᠠᠯᠠᠭᠤᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/9
     ᠥᠷᠭᠡᠨ ᠤᠯᠠᠨ ᠵᠠᠯᠠᠭᠤᠴᠤᠳ ᠢ ᠤᠯᠠᠮ ᠨᠢᠭᠡ ᠠᠯᠬᠤᠮ ᠲᠠᠶᠢᠴᠢᠯᠠᠨ ︽5 · 4︾ ᠤ ᠵᠣᠷᠢᠭ ᠰᠠᠨᠠᠭ᠎ᠠ ᠶᠢ ᠪᠠᠳᠠᠷᠠᠭᠤᠯᠤᠨ ᠤᠯᠠᠮᠵᠢᠯᠠᠬᠤ ᠶᠢᠨ ᠲᠥᠯᠥᠭᠡ᠂ ᠲᠡᠦᠬᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠬᠢᠨ ᠰᠢᠨ᠎ᠡ ᠭᠠᠪᠢᠶ᠎ᠠ ᠪᠠᠶᠢᠭᠤᠯᠵᠤ ᠂ 5 ᠰᠠᠷ᠎ᠠ ᠶᠢᠨ 8 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠾᠧ ᠰᠢᠶᠠᠨ ᠤ ᠬᠤᠷᠢᠶ᠎ᠠ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠬᠥᠭᠵᠢᠯᠲᠡ ᠵᠢᠴᠢ ︽ᠤᠯᠤᠰ ᠢᠶᠠᠨ ᠬᠦᠴᠦᠷᠬᠡᠭᠵᠢᠭᠦᠯᠬᠦ ᠵᠣᠷᠢᠭ ᠰᠠᠨᠠᠭᠠᠨ ᠤ ᠵᠠᠯᠠᠭᠤᠴᠤᠳ ᠬᠡᠯᠡᠬᠦ︾ ᠵᠠᠯᠠᠭᠤᠴᠤᠳ ᠤᠨ ᠶᠠᠷᠢᠯᠴᠠᠬᠤ ᠬᠤᠷᠠᠯ ᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠮᠡᠨᠳᠦᠴᠢᠯᠡᠯ ᠢ ᠬᠠᠮᠲᠤ ᠪᠠᠷ ᠰᠤᠷᠤᠯᠴᠠᠪᠠ᠃ ᠰᠢᠩ ᠾᠧ ᠰᠢᠶᠠᠨ ᠤ ᠡᠯ᠎ᠡ ᠡᠲᠡᠭᠡᠳ ᠠᠴᠠ ᠢᠷᠡᠭᠰᠡᠨ ᠰᠢᠯᠢᠳᠡᠭ ᠵᠠᠯᠠᠭᠤᠴᠤᠳ ᠤᠨ ᠲᠥᠯᠥᠭᠡᠯᠡᠭᠴᠢ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠷᠢᠳ ᠬᠤᠵᠢᠳ ᠶᠠᠷᠢᠶ᠎ᠠ ᠲᠠᠯᠪᠢᠵᠤ᠂ ᠤᠯᠠᠨ ᠲᠠᠢ ᠬᠠᠮᠲᠤ ᠥᠪᠡᠷ ᠤᠨ ᠵᠠᠯᠠᠭᠤ ᠨᠠᠰᠤᠨ ᠤ ᠬᠦᠰᠡᠯ ᠵᠡᠭᠦᠳᠦ᠂ ᠲᠡᠮᠡᠴᠡᠯ ᠤᠨ ᠦᠯᠢᠭᠡᠷ ᠢᠶᠠᠨ ᠬᠤᠪᠢᠶᠠᠯᠴᠠᠪᠠ᠃      ᠯᠢ ᠼᠠᠢ ᠴᠢᠩ ᠵᠠᠯᠠᠭᠤᠴᠤᠳ ᠤᠨ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠦᠬᠦ ᠰᠢᠶᠠᠨ ᠤ ᠭᠤᠣᠯ ᠠᠵᠢᠯ ᠪᠣᠯᠤᠨ ᠵᠠᠯᠠᠭᠤᠴᠤᠳ ᠤᠨ ᠬᠥᠭᠵᠢᠯᠲᠡ ᠳᠤ ᠬᠤᠯᠪᠣᠭᠳᠠᠬᠤ ᠬᠠᠯᠠᠭᠤᠨ ᠴᠡᠭ ᠤᠨ ᠠᠰᠠᠭᠤᠳᠠᠯ ᠤᠨ ᠲᠣᠭᠤᠷᠢᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠴᠠᠢ᠃ ᠲᠡᠷᠡ᠂ ᠵᠠᠯᠠᠭᠤᠴᠤᠳ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠂ ᠪᠠᠰᠠ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠦᠯᠭᠡ ᠠᠴᠠ ᠦᠷᠭᠦᠯᠵᠢᠯᠡᠨ ᠰᠤᠷᠤᠯᠴᠠᠵᠤ᠂ ᠦᠢᠯᠡᠳᠦᠯᠭᠡ ᠶᠢᠨ ᠳᠤᠮᠳᠠ ᠠᠴᠠ ᠵᠢᠩᠬᠢᠨᠢ ᠮᠡᠳᠡᠯᠭᠡ᠂ ᠵᠢᠩᠬᠢᠨᠢ ᠶᠣᠰᠣ ᠶᠢ ᠤᠬᠠᠪᠤᠷᠢᠯᠠᠵᠤ᠂ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠪᠠᠴᠢᠮᠳᠠᠵᠤ ᠰᠠᠨᠳᠤᠷᠬᠤ ᠶᠢ ᠲᠠᠶᠠᠭᠳᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠤᠳᠤ ᠣᠭᠲᠠᠷᠭᠤᠢ ᠶᠢ ᠪᠠᠷᠠᠯᠠᠬᠤ ᠣᠷᠭᠢᠯᠤᠮ᠎ᠠ ᠰᠡᠳᠬᠢᠯᠭᠡ ᠪᠣᠯᠤᠨ ᠡᠷᠴᠢ ᠵᠣᠷᠢᠭ ᠲᠠᠢ ᠪᠠᠶᠢᠵᠤ᠂ ᠤᠶᠢᠳᠬᠠᠷ ᠢ ᠳᠠᠭᠠᠭᠠᠵᠤ ᠂ ᠬᠢᠯᠢᠰ ᠢ ᠨᠢ ᠳᠠᠭᠠᠭᠠᠵᠤ᠂ ᠰᠢᠯᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠢ︔ ᠪᠡᠶ᠎ᠡ ᠪᠠᠨ ᠴᠢᠩᠭ᠎ᠠ ᠱᠠᠭᠠᠷᠳᠠᠵᠤ᠂ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯ ᠢ ᠡᠪᠦᠷᠯᠡᠵᠦ᠂ ᠰᠡᠷᠡᠮᠵᠢ ᠶᠢᠨ ᠬᠤᠩᠬᠤ ᠪᠠᠷ ᠦᠷᠭᠦᠯᠵᠢ ᠳᠤᠤᠭᠠᠷᠴᠤ᠂ ᠡᠯ᠎ᠡ ᠵᠦᠢᠯ ᠤᠨ ᠥᠳᠥᠭᠡᠯ ᠪᠣᠯᠤᠨ ᠰᠢᠯᠭᠠᠯᠲᠠ ᠶᠢᠨ ᠡᠮᠦᠨ᠎ᠡ ᠥᠪᠡᠷ ᠢ ᠪᠠᠨ ᠡᠵᠡᠮᠳᠡᠬᠦ ᠬᠡᠷᠡᠭᠲᠡᠢ ᠮᠥᠷᠲᠡᠭᠡᠨ ᠪᠠᠰᠠ ᠶᠣᠰᠣ ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠤᠢ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠠᠮᠵᠢᠯᠲᠠ ᠣᠯᠵᠤ᠂ ᠰᠢᠨ᠎ᠡ ᠳᠠᠪᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3