ᠰᠢᠩ ᠾᠧ ᠰᠢᠶᠠᠨ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/9
     ᠨᠠᠮ ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ  ᠦᠨᠳᠤᠰᠤᠲᠡᠨ ᠤ ᠠᠵᠢᠯ ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠡᠵᠡᠮᠳᠡᠨ  ᠲᠤᠭᠤᠱᠢᠯᠠᠭᠤᠯᠬᠤ ᠶᠢᠨ ᠲᠥᠯᠥᠭᠡ᠃ 5 ᠰᠠᠷ᠎ᠠ ᠶᠢᠨ 8 ᠤ ᠡᠳᠦᠷ᠂ ᠰᠢᠩ ᠾᠧ ᠰᠢᠶᠠᠨ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
     ᠠᠵᠢᠯᠯᠠᠭ᠎ᠠ ᠶᠢᠨ ᠳᠤᠮᠳᠠ᠂ ᠲᠤᠬᠠᠶ ᠶᠢᠨ ᠲᠠᠯᠠᠪᠤᠷ ᠤᠨ ᠠᠵᠢᠯᠲᠠᠳ ᠡᠯᠭᠦᠭᠡ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠪᠠ᠃ ᠰᠢᠩ ᠾᠧ ᠰᠢᠶᠠᠨ ᠤ ᠤᠯᠠᠭᠠᠨᠮᠥ᠋ᠴᠢᠷ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠭᠤᠶᠢᠳᠠ ᠰᠠᠶᠢᠬᠠᠨ ᠲᠣᠭᠯᠠᠯᠲᠠ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠠᠶᠠᠯᠢᠭ ᠠᠭᠤᠯᠤᠭᠳᠠᠬᠤᠨ ᠢ ᠳᠡᠯᠭᠡᠨ ᠦᠵᠡᠭᠦᠯᠵᠦ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠭᠡᠷᠡᠯ ᠰᠠᠴᠤᠷᠠᠩᠭᠤᠢ ᠤᠯᠠᠮᠵᠢᠯᠠᠯᠲᠤ ᠰᠣᠶᠣᠯ ᠪᠣᠯᠤᠨ ᠠᠭᠤᠤ ᠶᠡᠭᠡ ᠵᠣᠷᠢᠭ ᠰᠠᠨᠠᠭ᠎ᠠ ᠶᠢ ᠢᠯᠡᠷᠡᠭᠦᠯᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠰᠣᠶᠣᠯ ᠤᠨ ᠶᠡᠭᠡ ᠬᠥᠭᠵᠢᠯ ᠴᠡᠴᠡᠭᠯᠡᠯ ᠢ ᠲᠠᠰᠤᠷᠠᠯᠲᠠ ᠦᠭᠡᠢ ᠠᠬᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃
     ᠰᠢᠩ ᠾᠧ ᠰᠢᠶᠠᠨ ᠦᠨᠳᠦᠰᠦᠲᠡᠨ ᠨᠦᠭᠦᠳ ᠤᠨ ᠤᠯᠠᠨ ᠲᠦᠮᠡᠨ ᠯᠦᠭᠡ ᠶᠢᠨ ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠭᠦᠨ ᠵᠤᠵᠠᠭᠠᠨ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠪᠠ᠃ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡᠨ ᠬᠠᠮᠲᠤ︾᠂ ︽ᠳᠥᠷᠪᠡᠨ ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠥᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠰᠢᠨ᠎ᠡ ᠶᠢ ᠡᠭᠦᠳᠬᠦ ᠵᠠᠮ ᠢ ᠡᠭᠦᠳᠴᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃    ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ᠂ ᠰᠢᠭᠦᠬᠦ ᠬᠤᠷᠢᠶᠠᠨ ᠤ ᠳᠠᠷᠤᠭ᠎ᠠ ᠵᠢᠴᠢ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3