ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ᠄ ︽ᠨᠠᠮ ᠤᠨ ᠪᠠᠶᠢᠭᠤᠯᠤᠯᠲᠠ ᠶᠢᠨ ᠲᠥᠯᠥᠭᠡᠯᠡᠭᠴᠢ ᠭᠡᠰᠢᠭᠦᠨ︾ ᠣᠯᠠᠨ ᠲᠦᠮᠡᠨ ᠳᠤ ᠤᠶᠢᠯᠡᠴᠢᠯᠡᠬᠦ ᠵᠠᠶ ᠥᠬᠡᠶ
ᠨᠡᠶᠢᠲᠡᠯᠡᠭᠰᠡᠨ ᠴᠠᠭ᠄
2024/5/9
     ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ᠤᠨ ᠬᠢᠨ ︽ᠨᠠᠮ ᠤᠨ ᠪᠠᠶᠢᠭᠤᠯᠤᠯᠲᠠ ᠶᠢᠨ ᠲᠥᠯᠥᠭᠡᠯᠡᠭᠴᠢ ᠭᠡᠰᠢᠭᠦᠨ︾ ᠤ ᠠᠵᠢᠯ ᠤᠨ ᠵᠠᠭᠪᠤᠷ ᠢ ᠪᠠᠷᠢᠮᠲᠠᠯᠠᠵᠤ᠂ ︽ᠠᠷᠠᠳ ᠤᠨ ᠠᠮᠢᠳᠤᠷᠠᠯ ᠢ ᠠᠩᠬᠠᠷᠴᠤ ᠰᠠᠨᠠᠭᠤᠯᠭ᠎ᠠ ᠳᠤᠷᠠᠳᠬᠤ᠂ ᠲᠥᠯᠥᠭᠡᠯᠡᠭᠴᠢ ᠭᠡᠰᠢᠭᠦᠳ ᠬᠥᠳᠡᠯᠦᠯᠴᠡᠬᠦ︾ ᠪᠠᠷ ᠠᠴᠢᠶᠠᠯᠠᠪᠤᠷᠢ ᠪᠣᠯᠭᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠬᠡᠷ ︾ ᠳᠤ ᠲᠦᠰᠢᠭᠯᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠲᠥᠯᠥᠭᠡᠯᠡᠭᠴᠢ ᠭᠡᠰᠢᠭᠦᠳ ᠤᠨ ᠤᠶᠢᠯᠡᠳᠤᠯ ᠢᠶᠠᠨ ᠭᠦᠢᠴᠡᠳ ᠪᠠᠳᠠᠷᠠᠭᠤᠯᠬᠤ ᠶᠢ ᠬᠥᠲᠥᠯᠥᠨ ᠳᠠᠭᠠᠭᠤᠯᠵᠤ᠂ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠨᠠᠩ ᠪᠠᠶᠢᠩᠭᠤᠵᠢᠭᠤᠯᠬᠤ᠂ ᠵᠢᠷᠤᠮᠵᠢᠭᠤᠯᠬᠤ᠂ ᠣᠯᠠᠨ ᠶᠠᠩᠵᠤᠴᠢᠯᠠᠬᠤ ᠶᠢ ᠠᠬᠢᠭᠤᠯᠵᠤ᠂ ᠡᠳᠦᠷ ᠲᠤᠲᠤᠮ ᠤᠨ ᠠᠵᠢᠯ ᠤᠨ ᠳᠤᠮᠳᠠ ᠣᠯᠠᠨ ᠲᠦᠮᠡᠨ ᠳᠤ ᠤᠶᠢᠯᠡᠴᠢᠯᠡᠬᠦ ᠶᠢ ᠦᠨᠡᠨ ᠬᠦ ᠪᠡᠶᠡᠯᠡᠭᠦᠯᠪᠡ᠃      ᠪᠤᠳᠠᠭᠠᠨ ᠥᠩᠭᠡ ᠶᠢ ᠣᠯᠵᠤ ᠦᠨᠦᠷ ᠯᠡᠭᠡᠳ ᠪᠠᠢᠨ᠎ᠠ᠃ ᠬᠤᠭᠤᠯᠠ ᠵᠠᠭᠤᠰᠢᠨ ᠠᠴᠠ ᠣᠢᠷᠠᠲᠤᠬᠤ ᠳᠤ᠂ ᠤᠯᠠᠭᠠᠨ ᠰᠢᠲᠠᠭᠠᠭᠰᠠᠨ ᠬᠠᠰᠢ᠂ ᠠᠢᠬᠤᠪᠲᠤᠷ ᠳ᠋ᠧᠦᠹᠦ᠋᠂ ᠲᠥᠮᠥᠰᠦᠨ ᠤ ᠰᠢᠷᠬᠡᠭ᠂ ᠰᠦᠢᠳᠬᠡᠯ ᠦᠯᠦ ᠬᠤᠷᠢᠶᠠᠬᠤ ᠰᠢᠩᠭᠡᠨ ᠪᠤᠳᠠᠭ᠎ᠠ ᠁ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠲᠣᠬᠢᠷᠠᠭᠤᠯᠬᠤ ᠲᠠᠰᠤᠭ ᠤᠨ ᠬᠤᠭᠤᠯᠠᠨ ᠲᠠᠪᠴᠠᠩ ᠳᠡᠭᠡᠷ᠎ᠡ᠂ ᠡᠯ᠎ᠡ ᠵᠦᠢᠯ ᠤᠨ ᠨᠣᠭᠤᠭ᠎ᠠ ᠵᠠᠭᠤᠰᠢ ᠨᠢ ᠨᠢᠳᠦ ᠳᠦᠭᠦᠷᠡᠩ ᠬᠠᠷᠠᠭᠳᠠᠵᠤ᠂ ᠮᠢᠬ᠎ᠠ ᠪᠣᠳᠠᠭ᠎ᠠ ᠰᠠᠶᠢᠬᠠᠨ ᠪᠠᠶᠢᠵᠤ᠂ ᠬᠤᠭᠤᠯᠠ ᠢᠳᠡᠬᠦ ᠪᠠᠷ ᠢᠷᠡᠭᠰᠡᠨ ᠰᠠᠭᠤᠭᠠᠯᠢ ᠠᠷᠠᠳ ᠲᠠᠰᠤᠷᠠᠯᠲᠠ ᠦᠭᠡᠢ ᠴᠤᠪᠤᠷᠠᠵᠤ ᠪᠠᠶᠢᠨ᠎ᠠ᠃ ︽ᠨᠠᠰᠤ ᠠᠬᠢᠭᠰᠠᠨ ᠪᠣᠯ ᠬᠤᠭᠤᠯᠠ ᠬᠢᠬᠦ ᠳᠤ ᠳᠥᠭᠦᠮ ᠦᠭᠡᠢ᠂ ᠣᠲᠣ ᠨᠡᠶᠢᠭᠡᠮ ᠲᠣᠭᠤᠷᠢᠭ ᠲᠤ ᠬᠤᠭᠤᠯᠠᠨ ᠬᠡᠷ ᠲᠠᠢ ᠪᠣᠯᠵᠤ᠂ ᠨᠢᠭᠡ ᠴᠠᠭ ᠤᠨ ᠬᠤᠭᠤᠯᠠ ᠳᠤ ᠳᠡᠮᠡᠶ ᠵᠣᠭᠤᠰ ᠵᠠᠷᠤᠴᠠᠭᠤᠯᠬᠤ ᠦᠭᠡᠢ᠂ ᠪᠠᠰᠠ ᠢᠳᠡᠵᠦ ᠪᠣᠯᠬᠤ ᠰᠢᠮ᠎ᠡ ᠲᠡᠵᠢᠭᠡᠯ ᠡᠷᠡᠭᠦᠯ ᠪᠠᠶᠢᠵᠤ᠂ ᠪᠠᠰᠠ ᠬᠤᠭᠤᠯᠠ ᠬᠦᠷᠭᠡᠵᠦ ᠳᠡᠶᠢᠯᠬᠦ ᠨᠢ ᠦᠨᠡᠬᠡᠷ ᠳᠥᠭᠦᠮ ᠪᠣᠯᠵᠠᠢ︾ ᠬᠡᠵᠡᠢ᠃ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠠᠷᠲᠠᠶ ᠬᠡᠯᠡᠪᠡ᠃      ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠪᠠᠶᠢᠭᠤᠯᠤᠭᠳᠠᠭᠰᠠᠨ ᠠᠴᠠ ᠨᠠᠰᠢ᠂ ᠲᠥᠯᠥᠭᠡᠯᠡᠭᠴᠢ ᠭᠡᠰᠢᠭᠦᠳ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ᠂ ᠵᠥᠪᠳᠡᠯᠴᠡᠬᠦ ᠠᠵᠢᠯᠯᠠᠭ᠎ᠠ ᠳᠤᠮᠳᠠ᠂ ᠨᠡᠶᠢᠭᠡᠮ ᠲᠣᠭᠤᠷᠢᠭ ᠤᠨ ᠭᠠᠨᠢ ᠨᠠᠰᠤᠲᠠᠨ᠂ ᠥᠨᠳᠥᠷ ᠨᠠᠰᠤᠲᠠᠶ ᠨᠠᠰᠤᠲᠠᠳ ᠤᠨ ᠦᠷ᠎ᠡ ᠬᠡᠤᠬᠡᠳ ᠤᠨ ᠡᠩ ᠤᠨ ᠴᠠᠭ ᠲᠤ ᠠᠵᠢᠯᠯᠠᠵᠤ ᠶᠠᠭᠠᠷᠠᠬᠤ᠂ ᠭᠠᠭᠴᠠᠭᠠᠷ ᠬᠤᠭᠤᠯᠠ ᠢᠳᠡᠬᠦ᠂ ᠬᠤᠭᠤᠯᠠ ᠢᠳᠡᠬᠦ ᠳᠤ ᠳᠥᠭᠦᠮ ᠦᠭᠡᠢ ᠪᠠᠶᠢᠬᠤ ᠬᠦᠴᠢᠷ ᠠᠰᠠᠭᠤᠳᠠᠯ ᠢ ᠣᠶᠢᠯᠠᠭᠠᠭᠰᠠᠨ ᠤ ᠳᠠᠷᠠᠭ᠎ᠠ᠂ ᠲᠥᠯᠥᠭᠡᠯᠡᠭᠴᠢᠳ ᠭᠡᠰᠢᠭᠦᠳ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠵᠦ᠂ ︽ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠲᠣᠬᠢᠷᠠᠭᠤᠯᠬᠤ ᠲᠠᠰᠤᠭ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠬᠦᠴᠢᠷ ᠠᠰᠠᠭᠤᠳᠠᠯ ᠢ ᠰᠢᠢᠳᠪᠤᠷᠢᠯᠡᠬᠦ︾ ᠵᠡᠷᠭᠡ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠲᠤᠰᠢᠶᠠᠵᠤ᠂ ᠲᠥᠯᠥᠭᠡᠯᠡᠭᠴᠢ ᠭᠡᠰᠢᠭᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠡᠶᠢᠭᠡᠮ ᠲᠣᠭᠤᠷᠢᠭ ᠤᠨ ᠬᠠᠮᠲᠤ ᠶᠢᠨ ᠴᠢᠷᠮᠠᠶᠢᠯᠭ᠎ᠠ ᠪᠠᠷ᠂ ᠣᠬᠤᠷ ᠬᠤᠭᠤᠴᠠᠭᠠᠨ ᠳᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠲᠣᠬᠢᠷᠠᠭᠤᠯᠬᠤ ᠲᠠᠰᠤᠭ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠣᠶᠢᠷ᠎ᠠ ᠬᠠᠪᠢ ᠳᠠᠭᠠᠨ ᠬᠤᠭᠤᠯᠠ ᠬᠢᠬᠦ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠨᠠᠰᠤᠲᠠᠶᠢᠴᠤᠳ ᠤᠨ ᠬᠡᠷ ᠲᠡᠭᠡᠨ ᠬᠤᠭᠤᠯᠠ ᠬᠢᠬᠦ ᠬᠦᠴᠢᠷ ᠠᠰᠠᠭᠤᠳᠠᠯ ᠢ ᠪᠦᠲᠦᠮᠵᠢᠲᠡᠶ  ᠰᠢᠢᠳᠪᠤᠷᠢᠯᠡᠪᠡ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠤᠷᠪᠤᠯᠵᠢᠯᠠᠭᠴᠢ ᠳᠤ ᠬᠡᠯᠡᠬᠦ ᠳᠡᠭᠡᠨ᠂ ︽ᠨᠡᠶᠢᠭᠡᠮ ᠲᠣᠭᠤᠷᠢᠭ ᠤᠨ ᠬᠢᠨ ᠨᠠᠰᠤᠲᠠᠶᠢᠴᠤᠳ ᠤᠨ ᠬᠤᠭᠤᠯᠠ ᠲᠣᠬᠢᠷᠠᠭᠤᠯᠬᠤ ᠲᠠᠰᠤᠭ ᠪᠠᠶᠢᠭᠤᠯᠬᠤ ᠶᠢᠨ ᠬᠠᠮᠲᠤ ᠪᠠᠰᠠ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠪᠠᠶᠢᠭᠤᠯᠵᠤ᠂ ᠬᠠᠷᠢᠶ᠎ᠠ ᠣᠷᠣᠨ ᠤ ᠬᠦᠴᠢᠷᠳᠡᠯᠲᠡᠢ ᠰᠠᠭᠤᠭᠠᠯᠢ ᠠᠷᠠᠳ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ ᠠᠮᠠᠷᠠᠬᠤ᠂ ᠤᠰᠤ ᠤᠮᠳᠠ᠂ ᠳᠥᠭᠦᠮ ᠳᠥᠲᠡ ᠡᠮᠴᠢ ᠰᠤᠪᠢᠯᠠᠭᠴᠢ ᠵᠡᠷᠭᠡ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠪᠠ︾ ᠭᠡᠵᠦ ᠬᠡᠯᠡᠪᠡ᠃    ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠲᠣᠬᠢᠷᠠᠭᠤᠯᠬᠤ ᠲᠠᠰᠤᠭ ᠢ ᠪᠠᠶᠢᠭᠤᠯᠤᠭᠰᠠᠨ ᠨᠢ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ᠤᠨ ︽ᠨᠠᠮ ᠤᠨ ᠪᠠᠶᠢᠭᠤᠯᠤᠯᠲᠠ ᠶᠢᠨ ᠲᠥᠯᠥᠭᠡᠯᠡᠭᠴᠢ ᠭᠡᠰᠢᠭᠦᠨ︾ ᠪᠠᠶᠢᠵᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠬᠤᠷᠢᠶᠠᠩᠭᠤᠶ ᠳᠦᠷᠰᠦ ᠪᠣᠯᠤᠨ᠎ᠠ᠃ ᠨᠠᠮ ᠤᠨ ᠪᠠᠶᠢᠭᠤᠯᠤᠯᠲᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠬᠥᠲᠥᠯᠥᠨ ᠳᠠᠭᠠᠭᠤᠯᠵᠤ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠥᠪᠡᠷᠮᠢᠴᠡ ᠳᠠᠪᠠᠭᠤᠯᠢᠭ ᠪᠠ ᠢᠯᠡᠳᠲᠡ ᠤᠶᠢᠯᠡᠳᠤᠯ ᠢ ᠭᠦᠶ᠋ᠴᠡᠳ ᠪᠠᠳᠠᠷᠠᠭᠤᠯᠬᠤ ᠶᠢᠨ ᠲᠥᠯᠥᠭᠡ᠂ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠹᠠ ᠨᠡᠶᠢᠭᠡᠮ ᠲᠣᠭᠤᠷᠢᠭ ︽ᠰᠠᠶᠢᠨ ᠶᠠᠪᠤᠳᠠᠯ ᠢ ᠪᠣᠳᠠᠲᠠᠶ ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠬᠦ︾ ᠠᠵᠢᠯ ᠤᠨ ᠵᠠᠷᠴᠢᠮ ᠶᠣᠰᠣᠭᠠᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠰᠤᠷᠪᠤᠯᠵᠢᠯᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠵᠣᠵᠤ ᠰᠤᠷᠪᠤᠯᠵᠢᠯᠠᠬᠤ᠂ ᠰᠤᠷᠪᠤᠯᠵᠢᠯᠠᠬᠤ᠂ ᠬᠦᠴᠢᠷ ᠲᠦᠪᠡᠭᠲᠡᠶ ᠪᠤᠳᠤᠯᠢᠶᠠᠨᠲᠠᠶ ᠵᠤᠶᠢᠯᠡᠰ ᠢ ᠬᠠᠮᠲᠤ ᠪᠠᠷ ᠰᠤᠳᠤᠯᠤᠨ ᠮᠠᠭᠠᠳᠯᠠᠬᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠥᠷᠥᠯ ᠬᠤᠪᠢᠶᠠᠨ ᠰᠢᠢᠳᠪᠤᠷᠢᠯᠡᠬᠦ ᠵᠡᠷᠭᠡ ᠠᠯᠢ ᠣᠯᠠᠨ ᠲᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ ᠠᠷᠠᠳ ᠲᠦᠮᠡᠨ ᠳᠤ ᠤᠶᠢᠯᠡᠴᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠤᠨ ᠬᠢᠨ ᠪᠠᠭ᠎ᠠ ᠶᠠᠪᠤᠳᠠᠯ ᠢ ᠲᠣᠣᠷᠵᠢᠭᠤᠯᠤᠭ᠎ᠠ ᠦᠭᠡᠢ᠂ ᠶᠡᠭᠡ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠦᠭᠡᠢ᠂ ᠵᠥᠷᠢᠴᠡᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠠᠵᠢᠯ ᠤᠨ ᠵᠠᠷᠴᠢᠮ ᠢᠶᠠᠷ᠂ ᠬᠠᠷᠢᠶ᠎ᠠ ᠣᠷᠣᠨ ᠤ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠵᠢᠴᠢ ᠬᠠᠯᠠᠮᠵᠢᠯᠠᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠬᠠᠯᠠᠭᠤᠨ ᠴᠡᠭ ᠤᠨ ᠠᠰᠠᠭᠤᠳᠠᠯ ᠤᠨ ᠲᠣᠭᠤᠷᠢᠨ ᠳᠤ᠂ ᠠᠵᠢᠯ ᠤᠨ ᠲᠥᠯᠥᠪᠯᠡᠭᠡ ᠶᠣᠰᠣᠭᠠᠷ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠭᠦᠯᠵᠦ᠂ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠵᠥᠷᠢᠴᠡᠯ ᠵᠢᠭᠤᠷᠠᠯᠳᠤᠭᠠᠨ ᠢ ᠤᠢᠢᠯᠠᠭᠠᠨ ᠡᠵᠡᠮᠰᠢᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠤᠨ ᠬᠤᠷᠢᠶᠠᠩᠭᠤᠶᠢᠯᠠᠬᠤ ᠬᠡᠷᠡᠭᠲᠡᠢ᠃ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠭᠤᠶᠣᠯᠠᠵᠤ ᠴᠡᠪᠡᠷᠰᠢᠭᠦᠯᠬᠦ ᠠᠴᠠ ᠬᠥᠷᠰᠢ ᠵᠡᠷᠭᠡᠯᠡᠳᠡᠭᠡ ᠶᠢᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠬᠦᠷᠲᠡᠯ᠎ᠡ︔ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠠᠴᠠ ᠤᠴᠢᠷ ᠶᠠᠪᠤᠳᠠᠯ ᠢ ᠰᠢᠢᠳᠪᠦᠷᠢᠯᠡᠬᠦ ᠬᠦᠷᠲᠡᠯ᠎ᠡ᠂ ᠤᠯᠠᠨ ᠲᠦᠮᠡᠨ ᠤ ᠲᠤᠰᠬᠠᠭᠰᠠᠨ ᠮᠠᠰᠢ ᠤᠯᠠᠨ ᠬᠦᠴᠢᠷᠳᠡᠯ ᠪᠣᠯᠤᠨ ᠠᠰᠠᠭᠤᠳᠠᠯ ᠢ ᠢᠯᠭᠠᠨ ᠳᠣᠲᠣᠯᠠᠵᠤ ᠲᠦᠷᠦᠯ ᠬᠤᠪᠢᠶᠠᠬᠤ ᠶᠢᠨ ᠬᠠᠮᠲᠤ ᠴᠠᠭ ᠲᠤᠬᠠᠢ ᠳᠤᠨᠢ ᠨᠡᠶᠢᠭᠡᠮ ᠲᠣᠭᠤᠷᠢᠭ ᠲᠠᠢ ᠵᠣᠯᠭᠠᠭᠤᠯᠵᠤ᠂ ᠡᠯ᠎ᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠣᠯᠤᠨ ᠠᠵᠢᠯ ᠤᠨ ᠲᠥᠰᠦᠯ ᠢ ᠰᠤᠳᠤᠯᠪᠠ᠃ ᠡᠯ᠎ᠡ ᠵᠦᠢᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠪᠠ ᠡᠯ᠎ᠡ ᠵᠦᠢᠯ ᠤᠨ ᠲᠤᠰᠬᠠᠢ ᠠᠵᠢᠯᠯᠠᠭ᠎ᠠ ᠥᠷᠨᠢᠭᠦᠯᠬᠦ ᠵᠡᠷᠭᠡ ᠬᠦᠴᠦᠲᠡᠢ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠦᠨᠡᠨ ᠬᠦ ᠪᠡᠶᠡᠯᠡᠭᠦᠯᠦᠨ᠎ᠡ᠃               ᠵᠤᠬᠢᠶᠠᠭᠴᠢ᠄ ᠴᠧᠩ ᠭᠤᠸᠠᠨ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3