︽ᠰᠢᠩ ᠾᠧ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/11
      ᠣᠶᠢᠷ᠎ᠠ ᠳᠤ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠰᠢᠩ ᠾᠧ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠳᠣᠷᠣᠭᠰᠢ ︽ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ ︽ᠪᠡᠯᠡᠳᠬᠡᠯ ᠲᠥᠰᠦᠯ︾ ᠢ ᠳᠣᠤᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠤᠭᠰᠠᠨ ᠠᠴᠢ ᠬᠤᠯᠪᠣᠭᠳᠠᠯ      ︵ᠨᠢᠭᠡ︶ ᠰᠢᠨ᠎ᠡ ᠪᠠᠶᠢᠳᠠᠯ ᠤᠨ ᠡᠭᠦᠷᠭᠡ ᠳᠤ ᠤᠯᠠᠮ ᠴᠢᠨᠠᠭᠰᠢᠳᠠ ᠵᠣᠬᠢᠴᠠᠵᠤ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠰᠢᠨ᠎ᠡ ᠪᠠᠶᠢᠳᠠᠯ ᠪᠠ ᠡᠭᠦᠷᠭᠡ ᠳᠤ ᠤᠯᠠᠮ ᠨᠢᠭᠡ ᠠᠯᠬᠤᠮ ᠵᠣᠬᠢᠴᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠰᠢᠶᠠᠨ ᠤ ᠱᠠᠲᠤᠨ ᠤ ︽ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃      ︵ᠬᠤᠶᠠᠷ︶ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠲᠠᠢ ᠡᠮᠬᠢ ᠴᠡᠭᠴᠡ ᠲᠠᠢ ᠵᠣᠯᠭᠠᠭᠤᠯᠤᠨ᠎ᠠ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠣᠷᠣᠨ ᠨᠤᠲᠤᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠲᠤᠬᠠᠶ ᠵᠢᠯᠣᠭᠤᠳᠬᠤ ᠰᠠᠨᠠᠯ︾ ᠢ ᠦᠨᠳᠦᠰᠦᠯᠡᠨ᠂ ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠦᠨᠡᠯᠡᠨ ᠵᠢᠱᠢᠵᠦ ᠵᠠᠰᠠᠪᠤᠷᠢ ᠣᠷᠣᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠪᠠ ᠴᠤᠤᠷᠢᠶᠠᠲᠤᠨ ᠲᠠᠭᠠᠬᠤ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ︾ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠃ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠯᠪᠠᠨ ᠭᠡᠷ ᠤᠯᠠᠭᠠᠨᠴᠠᠪ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠮᠠᠨ ᠤ ᠰᠢᠶᠠᠨ ᠱᠠᠭᠠᠷᠳᠠᠯᠭ᠎ᠠ ᠶᠣᠰᠣᠭᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠠᠢ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨ ᠬᠦ ᠪᠠᠲᠤᠯᠠᠪᠠ᠃      ︵ᠭᠤᠷᠪᠠ︶ ᠤᠰᠤ ᠭᠠᠩ ᠤᠨ ᠭᠠᠮᠰᠢᠭ ᠤᠨ ᠰᠢᠨ᠎ᠡ ᠪᠠᠶᠢᠳᠠᠯ ᠢ ᠪᠦᠲᠦᠮᠵᠢ ᠲᠠᠢ ᠠᠷᠭᠠᠴᠠᠭᠠᠵᠤ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠬᠤᠲᠠ ᠶᠢᠨ ᠤᠰᠤᠲᠤᠯ ᠵᠡᠷᠭᠡ ᠤᠰᠤᠨ ᠭᠠᠩ ᠬᠠᠭᠰᠠᠷᠠᠭᠠᠨ ᠤ ᠰᠢᠨ᠎ᠡ ᠭᠠᠮᠰᠢᠭ ᠢ ᠪᠡᠯᠡᠳᠬᠡᠯ ᠲᠥᠰᠦᠯ ᠤᠨ ᠬᠡᠷᠡᠭᠯᠡᠬᠦ ᠬᠡᠪᠴᠢᠶᠡᠨ ᠳᠤ ᠣᠷᠣᠭᠤᠯᠵᠤ᠂ ᠬᠤᠲᠠ ᠶᠢᠨ ᠤᠰᠤᠲᠤᠯ ᠵᠡᠷᠭᠡ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠪᠠ ᠠᠶᠤᠯ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠤᠰᠤ ᠭᠠᠩ ᠤᠨ ᠭᠠᠮᠰᠢᠭ ᠲᠤ ᠢᠯᠡᠷᠡᠭᠰᠡᠨ ᠰᠢᠨ᠎ᠡ ᠪᠠᠶᠢᠳᠠᠯ ᠢ ᠨᠡᠩ ᠪᠦᠲᠦᠮᠵᠢᠲᠡᠶ ᠪᠠᠷ ᠠᠷᠭᠠᠴᠠᠬᠤ ᠬᠡᠷᠡᠭᠲᠡᠶ᠃ᠬᠤᠶᠠᠷ᠂ ︽ᠪᠡᠯᠡᠳᠬᠡᠯ ᠲᠥᠰᠦᠯ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠭᠤᠤᠯ ᠠᠭᠤᠯᠭ᠎ᠠ᠃      ᠰᠢᠨ᠎ᠡ ᠬᠡᠪᠯᠡᠯ ᠤᠨ ︽ᠪᠡᠯᠡᠳᠬᠡᠯ ᠲᠥᠰᠦᠯ︾ ᠨᠢ ᠭᠤᠤᠯᠳᠠᠭᠤ ᠳᠣᠤᠷᠠᠬᠢ ᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃      ︵ᠨᠢᠭᠡ︶ ᠠᠶᠤᠯ ᠠᠴᠠ ᠠᠪᠤᠷᠠᠨ ᠲᠤᠰᠯᠠᠬᠤ ᠪᠦᠯᠦᠭ ᠨᠡᠮᠡᠵᠦ᠃ ᠰᠢᠨ᠎ᠡ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ︽ᠪᠡᠯᠡᠳᠬᠡᠯ ᠲᠥᠰᠦᠯ︾ ᠳᠤ 9 ᠪᠦᠯᠦᠭ ᠬᠤᠪᠢᠶᠠᠵᠤ᠂ ︽ᠠᠶᠤᠯ ᠠᠴᠠ ᠠᠪᠤᠷᠠᠨ ᠲᠤᠰᠠᠯᠠᠬᠤ︾ ᠶᠢ ᠨᠡᠮᠡᠬᠦ ᠪᠠᠷ ᠵᠢᠷᠭᠤᠳᠤᠭᠠᠷ ᠪᠦᠯᠦᠭ ᠪᠣᠯᠭᠠᠭᠰᠠᠨ ᠪᠥᠭᠡᠳ ︽ᠦᠨᠳᠦᠰᠦᠨ ᠱᠠᠭᠠᠷᠳᠠᠯᠭ᠎ᠠ᠂ ᠠᠪᠤᠷᠠᠨ ᠲᠤᠰᠠᠯᠠᠬᠤ ᠬᠦᠴᠦᠨ᠂ ᠠᠪᠤᠷᠠᠨ ᠲᠤᠰᠠᠯᠠᠬᠤ ᠠᠵᠢᠯ ᠢ ᠥᠷᠨᠢᠭᠦᠯᠬᠦ᠂ ᠠᠪᠤᠷᠠᠨ ᠲᠤᠰᠠᠯᠠᠬᠤ ᠠᠵᠢᠯ ᠢ ᠬᠡᠷᠡᠭᠵᠢᠭᠦᠯᠬᠦ᠂ ᠪᠠᠶᠢᠳᠠᠯ ᠢ ᠪᠠᠶᠢᠭᠤᠯᠬᠤ᠂ ᠠᠪᠤᠷᠠᠨ ᠲᠤᠰᠠᠯᠠᠬᠤ ᠠᠵᠢᠯ ᠢ ᠳᠠᠭᠤᠰᠬᠠᠬᠤ︾ ᠵᠡᠷᠭᠡ ᠵᠢᠷᠭᠤᠭᠠᠨ ᠲᠠᠯ᠎ᠠ ᠠᠴᠠ ᠰᠡᠷᠭᠡᠶᠢᠯᠡᠯᠲᠡ ᠶᠢᠨ ᠵᠢᠯᠣᠭᠤᠳᠣᠭᠴᠢ᠂ ᠡᠯ᠎ᠡ ᠪᠦᠷᠢᠯᠳᠦᠬᠦᠨ ᠨᠢᠭᠡᠴᠢ ᠶᠢᠨ ᠪᠣᠳᠠᠲᠠᠶ ᠡᠭᠦᠷᠭᠡ ᠶᠢ ᠲᠣᠳᠣᠷᠬᠠᠶᠢᠯᠠᠵᠤ᠂ ᠠᠶᠤᠯ ᠠᠴᠠ ᠠᠪᠤᠷᠠᠨ ᠲᠤᠰᠠᠯᠠᠬᠤ ᠠᠵᠢᠯᠯᠠᠭ᠎ᠠ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠨᠠᠩ ᠴᠢᠩᠭ᠎ᠠ ᠪᠣᠯᠤᠭᠰᠠᠨ ᠪᠠᠶᠢᠨ᠎ᠠ      ︵ᠬᠤᠶᠠᠷ︶ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠪᠠ᠃ ᠪᠠᠶᠢᠭᠤᠯᠤᠮᠵᠢ ᠶᠢᠨ ᠲᠣᠬᠢᠷᠠᠭᠤᠯᠤᠯᠲᠠ ᠥᠭᠡᠷᠡᠴᠢᠯᠡᠯᠲᠡ ᠶᠢᠨ ᠳᠠᠷᠠᠭᠠᠬᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ 36 ᠪᠦᠷᠢᠯᠳᠦᠬᠦᠨ ᠨᠢᠭᠡᠴᠡ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠬᠤ ᠶᠢᠨ ᠬᠠᠮᠲᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠱᠠᠲᠤ ᠦᠶ᠎ᠡ ᠶᠢᠨ ᠪᠣᠳᠠᠲᠠᠶ ᠡᠭᠦᠷᠭᠡ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠬᠦ ᠶᠢ ᠦᠨᠡᠨ ᠬᠦ ᠪᠠᠲᠤᠯᠠᠪᠠ᠃      ︵ᠭᠤᠷᠪᠠ︶ ᠪᠣᠷᠣᠭᠠᠨ ᠤ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠪᠠ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ᠃ ᠭᠤᠷᠪᠠᠳᠤᠭᠠᠷ ᠪᠦᠯᠦᠭ ︽ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ︾ ᠳᠤᠮᠳᠠ ᠪᠣᠷᠣᠭᠠᠨ ᠤ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠪᠠ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ᠃ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠨᠢ ᠴᠠᠭ ᠲᠣᠭᠲᠠᠭᠠᠨ ᠮᠡᠳᠡᠭᠦᠯᠦᠨ ᠬᠦᠷᠭᠡᠬᠦ᠂ ᠦᠷᠭᠦᠯᠵᠢᠯᠡᠨ ᠮᠡᠳᠡᠭᠦᠯᠦᠨ ᠬᠦᠷᠭᠡᠬᠦ᠂ ᠪᠣᠳᠠᠲᠠᠶ ᠬᠡᠮᠵᠢᠨ ᠮᠡᠳᠡᠭᠦᠯᠦᠨ ᠬᠦᠷᠭᠡᠬᠦ ᠂ ᠰᠤᠳᠤᠯᠤᠨ ᠮᠠᠭᠠᠳᠯᠠᠵᠤ ᠮᠡᠳᠡᠭᠦᠯᠦᠨ ᠬᠦᠷᠭᠡᠬᠦ ᠪᠠ ᠣᠬᠤᠷ ᠬᠤᠭᠤᠴᠠᠭᠠᠨ ᠳᠤ ᠮᠡᠳᠡᠭᠦᠯᠦᠨ ᠬᠦᠷᠭᠡᠬᠦ ᠶᠢᠨ ᠬᠠᠮᠲᠤ ᠮᠡᠳᠡᠭᠦᠯᠦᠨ ᠬᠦᠷᠭᠡᠬᠦ ᠴᠠᠭ᠂ ᠠᠭᠤᠯᠭ᠎ᠠ ᠵᠡᠷᠭᠡ ᠪᠠᠷᠢᠮᠵᠢᠶ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠣᠷᠣᠭᠠᠨ ᠤ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠤ ᠦᠨᠳᠦᠰᠦᠯᠡᠯ ᠬᠠᠩᠭᠠᠭᠰᠠᠨ ᠪᠠᠶᠢᠨ᠎ᠠ᠃      ︵ᠳᠥᠷᠪᠡ ) ᠪᠠᠴᠢᠮ ᠪᠠᠶᠢᠳᠠᠯ ᠢ ᠠᠷᠭᠠᠴᠠᠬᠤ ᠳᠤ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠪᠠ᠃ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠨᠥᠬᠦᠴᠡᠯ ᠳᠤ ᠪᠠ ᠴᠠᠭ ᠠᠭᠤᠷ ᠤᠨ ᠰᠠᠯᠠᠭ᠎ᠠ ᠮᠥᠴᠢᠷ ᠤᠨ ︽ᠳᠠᠭᠤᠳᠠᠨ ᠠᠪᠬᠤ︾ ᠲᠣᠭᠲᠠᠴᠠ ᠶᠢ ᠨᠡᠮᠡᠵᠦ᠂ ᠴᠠᠭ ᠠᠭᠤᠷ ᠤᠨ ᠰᠠᠯᠠᠭ᠎ᠠ ᠮᠥᠴᠢᠷ ᠤᠨ ᠪᠣᠷᠣᠭᠠᠨ ᠣᠷᠣᠬᠤ ᠮᠡᠳᠡᠭᠡ ᠵᠠᠩᠭᠢ ᠶᠢ ᠨᠡᠶᠢᠲᠡᠯᠡᠭᠰᠡᠨ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠬᠡᠷᠡᠭᠵᠢᠭᠦᠯᠬᠦ ᠲᠠᠰ ᠤᠨ ᠠᠭᠤᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠡᠬᠢᠯᠡᠭᠦᠯᠦᠭᠰᠡᠨ ᠤ ᠳᠠᠷᠠᠭᠠᠬᠢ ᠭᠤᠣᠯ ᠤᠳᠤᠷᠢᠳᠤᠯᠭ᠎ᠠ ᠶᠢᠨ ᠣᠷᠣᠨ ᠪᠠᠶᠢᠷᠢ ᠪᠠ ᠠᠵᠢᠯ ᠵᠢᠴᠢ ᠭᠤᠣᠯᠳᠠᠯᠭ᠎ᠠ ᠲᠠᠢ ᠨᠢᠭᠡᠴᠡ ︵ᠰᠠᠯᠠᠭ᠎ᠠ ᠮᠥᠴᠢᠷ︶ ᠶᠢ ᠲᠣᠳᠣᠷᠬᠠᠶᠢᠯᠠᠪᠠ᠃  ᠬᠢᠪᠡᠯ ᠵᠣᠬᠢᠬᠤ ᠠᠵᠢᠯ ᠢᠶᠠᠨ ᠬᠢᠵᠦ᠂ ᠪᠠᠴᠢᠮ ᠪᠠᠶᠢᠳᠠᠯ ᠢ ᠠᠷᠭᠠᠴᠠᠬᠤ ᠳᠤ ᠨᠠᠩ ᠬᠡᠷᠡᠭᠯᠡᠭᠡᠨ ᠤ ᠴᠢᠨᠠᠷᠲᠠᠶ ᠪᠣᠯᠭᠠᠨ᠎ᠠ᠃      ᠭᠤᠷᠪᠠ᠂ ︽ᠪᠡᠯᠡᠳᠬᠡᠯ ᠲᠥᠰᠦᠯ︾ ᠢ ᠬᠡᠷᠡᠭᠵᠢᠭᠦᠯᠬᠦ ᠬᠤᠯᠪᠣᠭᠳᠠᠯ ᠪᠥᠬᠦᠶ ᠱᠠᠭᠠᠷᠳᠠᠯᠭ᠎ᠠ      ᠨᠢᠭᠡ ᠳᠤ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ︽ᠪᠡᠯᠡᠳᠬᠡᠯ ᠲᠥᠰᠦᠯ︾ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠤᠷᠤᠯᠴᠠᠵᠤ᠂ ᠲᠤᠰ ᠲᠤᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠬᠠᠮᠢᠶ᠎ᠠ ᠪᠦᠬᠦᠢ ᠠᠭᠤᠯᠭ᠎ᠠ ᠶᠢ ᠣᠶᠢᠯᠠᠭᠠᠬᠤ ᠶᠢᠨ ᠬᠠᠮᠲᠤ ᠪᠣᠳᠠᠲᠠᠶ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃      ᠬᠤᠶᠠᠷ ᠲᠤ᠂ ᠡᠯ᠎ᠡ ᠰᠢᠶᠠᠩ ᠪᠠᠯᠭᠠᠰᠤ ᠲᠤᠰ ᠭᠠᠵᠠᠷ ᠤᠨ ᠤᠰᠤ ᠭᠠᠩ ᠭᠠᠩ ᠤᠨ ᠭᠠᠮᠰᠢᠭ ᠤᠨ ᠣᠨᠴᠠᠯᠢᠭ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠱᠠᠲᠤᠨ ᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠬᠢᠵᠦ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠠᠢ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ ᠳᠤ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠠᠯᠳᠠ ᠦᠶᠡᠷ ᠭᠠᠩ ᠤᠨ ᠭᠠᠮᠰᠢᠭ ᠤᠨ ᠲᠦᠭᠰᠢᠭᠦᠷᠢ ᠳᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢᠨ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠤᠰᠤ ᠭᠠᠩ ᠤᠨ ᠭᠠᠮᠰᠢᠭ ᠡᠭᠦᠰᠦᠭᠰᠡᠨ ᠤ ᠳᠠᠷᠠᠭ᠎ᠠ ᠂ ᠲᠣᠰ ᠱᠠᠲᠤᠨ ᠤ ᠪᠡᠯᠡᠳᠬᠡᠯ ᠲᠥᠰᠦᠯ ᠤᠨ ᠲᠣᠭᠲᠠᠭᠠᠯ ᠶᠣᠰᠣᠭᠠᠷ ᠡᠬᠢᠯᠡᠭᠦᠯᠬᠦ ᠲᠠᠰ ᠳᠠᠷᠠᠭᠠᠯᠠᠯ ᠪᠠ ᠨᠥᠬᠦᠴᠡᠯ ᠢ ᠦᠨᠡᠨ ᠬᠦ ᠪᠠᠲᠤᠯᠠᠵᠤ᠂ ᠵᠣᠬᠢᠴᠠᠩᠭᠤᠶ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠴᠠᠭ ᠲᠤᠬᠠᠶ ᠳᠤᠨᠢ ᠡᠬᠢᠯᠡᠭᠦᠯᠵᠦ᠂ ᠠᠷᠠᠳ ᠣᠯᠠᠨ ᠤ ᠡᠳ᠋ ᠬᠥᠷᠥᠩᠭᠡ ᠪᠠ ᠠᠮᠢ ᠨᠠᠰᠤᠨ ᠤ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ ᠴᠢᠳᠠᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3