ᠯᠢ ᠺᠠᠶ ᠳ᠋ᠦᠩ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/13
     6 ᠰᠠᠷ᠎ᠠ ᠶᠢᠨ 7᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠶ ᠳ᠋ᠦᠩ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃      ᠯᠢ ᠺᠠᠶ ᠳ᠋ᠦᠩ ᠨᠡᠷ ᠤᠷᠢᠳ ᠬᠤᠵᠢᠳ ᠳ᠋ᠠ ᠲᠦᠩ ᠶᠣᠣ ᠰᠢᠶᠠᠩ ᠤᠨ ᠵᠣᠯ ᠵᠢᠷᠭᠠᠯ ᠤᠨ ᠬᠦᠷᠢᠶᠡᠯᠡᠩ᠂ ᠴᠢ ᠵᠢᠶᠠ ᠶᠢᠩ ᠤᠰᠤᠨ ᠴᠥᠭᠦᠷᠥᠮ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠥᠷᠨᠢᠭᠦᠯᠦᠭᠰᠡᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠪᠠ ᠤᠰᠤᠨ ᠴᠥᠭᠦᠷᠥᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ᠂ ᠵᠢᠵᠢᠭᠦᠷᠯᠡᠨ ᠰᠠᠬᠢᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠣᠶᠢᠷ᠎ᠠ ᠳᠤ ᠪᠣᠷᠣᠭᠠᠨ ᠤ ᠤᠰᠤ ᠨᠡᠮᠡᠭᠳᠡᠵᠦ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠤᠷᠤᠪᠠ᠂ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠡᠷᠭᠡᠶᠢᠯᠡᠯᠲᠡ ᠶᠢᠨ ᠪᠠᠶᠢᠳᠠᠯ ᠢᠶᠠᠨ ᠪᠠᠲᠤᠯᠠᠵᠤ᠂ ᠦᠶᠡᠷ ᠤᠨ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ ᠤᠬᠠᠭᠤᠯᠭ᠎ᠠ ᠰᠠᠨᠠᠭᠤᠯᠭ᠎ᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠬᠡᠰᠡᠭ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠪᠦᠷᠢᠨ ᠭᠦᠢᠴᠡᠳ ᠨᠥᠬᠦᠪᠦᠷᠢᠯᠡᠵᠦ᠂ ᠦᠶᠡᠷ ᠢ ᠰᠡᠷᠭᠡᠶᠢᠯᠡᠬᠦ ᠲᠥᠬᠦᠭᠡᠷᠦᠮᠵᠢ ᠶᠢ ᠰᠢᠯᠢᠳᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠣᠯᠣᠨ ᠠᠶᠤᠯ ᠭᠠᠮᠰᠢᠭ ᠠᠴᠠ ᠠᠪᠤᠷᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠠᠪᠠ ᠭᠠᠵᠠᠷ ᠤᠨ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠳᠡᠭᠡᠳᠦ ᠳᠣᠤᠷᠠᠳᠤ ᠤᠷᠤᠰᠬᠠᠯ᠂ᠵᠡᠭᠦᠨ ᠪᠠᠷᠠᠭᠤᠨ ᠡᠷᠭᠢ ᠪᠠᠨ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠬᠠᠰᠢᠯᠭ᠎ᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠭᠦᠩ ᠰᠢᠤ ᠯᠦᠩ᠂ ᠾᠧᠦ ᡁᠢ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3