︽ᠬᠠᠷᠢᠯᠴᠠᠨ ᠬᠤᠯᠪᠣᠭᠠᠯᠠᠵᠤ ᠡᠮ ᠡᠮᠨᠡᠯᠭᠡ ᠶᠢᠨ ᠳᠠᠭᠠᠳᠬᠠᠯ︾ ᠤᠨ ᠦᠢᠯᠡᠴᠢᠯᠡᠭᠡᠨ ᠤ ᠵᠠᠭᠪᠤᠷ ᠢ ᠤᠯᠠᠮ ᠨᠢᠭᠡ | ᠠᠯᠬᠤᠮ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠰᠢᠩ ᠾᠧ ᠰᠢᠶᠠᠨ ︽ᠭᠤᠷᠪᠠᠨ ᠡᠯᠧᠺᠳ᠋ᠷᠣᠨ ᠨᠢᠭᠡ | ᠲᠣᠭᠠᠴᠠᠭ᠎ᠠ ᠬᠢᠬᠦ︾ ᠠᠵᠢᠯ ᠲᠠᠢ ᠢᠳᠡᠪᠬᠢᠲᠡᠶ ᠵᠣᠯᠭᠠᠭᠤᠯᠵᠤ᠂ ᠪᠥᠬᠦ ᠬᠤᠲᠠ ᠳᠤ ᠤᠷᠢᠳᠠᠪᠠᠷ ︽ᠭᠤᠷᠪᠠᠨ ᠡᠯᠧᠺᠳ᠋ᠷᠣᠨ | ᠨᠢᠭᠡ ᠲᠣᠭᠠᠴᠠᠭ᠎ᠠ ᠬᠢᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠦᠯᠵᠢᠶᠡᠨ ᠳᠤ ᠭᠠᠷᠭᠠᠵᠤ᠂ | ᠡᠪᠡᠳᠴᠢᠲᠡᠨ ᠢ ᠡᠪᠡᠳᠴᠢᠨ ᠦᠵᠡᠭᠦᠯᠬᠦ ᠶᠠᠪᠤᠴᠠ ᠳᠤ ᠨᠠᠩ ᠣᠯᠠᠨ ᠲᠥᠬᠦᠮ ᠦᠵᠡᠭᠦᠯᠪᠡ᠃ | | | ᠣᠳᠣᠬᠠᠨ ᠳᠤ᠂ ᠰᠢᠩ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢᠭᠡᠨᠲᠡ ᠡᠮᠴᠢᠯᠡᠭᠡᠨ ᠤ | ᠳᠠᠭᠠᠳᠬᠠᠯ ᠤᠨ ᠵᠢᠰᠦ ᠪᠠᠨ ᠭᠠᠷᠭᠠᠵᠤ ᠲᠣᠭᠠᠴᠠᠭ᠎ᠠ ᠬᠢᠬᠦ ᠴᠢᠳᠠᠮᠵᠢ ᠶᠢ ᠪᠡᠶᠡᠯᠡᠭᠦᠯᠦᠭᠰᠡᠨ ᠪᠥᠭᠡᠳ 116 ᠵᠠᠯᠭᠠᠭᠠᠰᠤ ᠶᠢ | ᠥᠭᠡᠷᠡᠴᠢᠯᠡᠵᠦ ᠳᠠᠭᠤᠰᠬᠠᠭᠠᠳ᠂ ᠲᠣᠰ ᠠᠵᠢᠯ ᠳᠠᠭᠤᠰᠤᠭᠰᠠᠨ ᠤ ᠳᠠᠷᠠᠭ᠎ᠠ᠂ ᠡᠪᠡᠳᠴᠢᠲᠡᠨ ᠤ ᠡᠮᠨᠡᠭᠦᠯᠬᠦ ᠴᠠᠭ ᠢ | ᠢᠯᠡᠳᠲᠡ ᠪᠣᠭᠤᠨᠢᠰᠬᠠᠵᠤ᠂ ᠪᠡᠶ᠎ᠡ ᠶᠢᠨ ᠦᠨᠡᠮᠯᠡᠯ ᠵᠢᠴᠢ ᠡᠮᠴᠢᠯᠡᠭᠡᠨ ᠤ ᠳᠠᠭᠠᠳᠬᠠᠯ ᠤᠨ ᠺᠠᠷᠲ ᠢ ᠠᠪᠬᠤ ᠦᠭᠡᠢ ᠪᠠᠶᠢᠵᠤ᠂ | ᠰᠢᠭᠤᠳ ᠨᠢᠭᠤᠷ ᠭᠠᠷᠭᠠᠨ ᠡᠪᠡᠳᠴᠢᠨ ᠦᠵᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠲᠦᠢᠯ ᠤᠨ | ᠶᠡᠭᠡ ᠲᠥᠬᠦᠮ ᠦᠵᠡᠭᠦᠯᠵᠦ᠂ ᠡᠪᠡᠳᠴᠢᠨ ᠦᠵᠡᠭᠦᠯᠬᠦ ᠥᠩᠭᠡᠷᠡᠯᠲᠡ ᠪᠠᠨ ᠰᠠᠶᠢᠵᠢᠷᠠᠭᠤᠯᠪᠠ᠃ | | | ᠡᠭᠦᠨ ᠤ ᠬᠠᠮᠲᠤ᠂ ᠡᠪᠡᠳᠴᠢᠲᠡᠨ ᠪᠠᠰᠠ ᠰᠢᠩ ᠾᠧ ᠰᠢᠶᠠᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ | ᠬᠤᠷᠢᠶᠠᠨ ᠤ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠡᠭᠦᠳᠡᠨ ᠡᠮᠨᠡᠯᠭᠡ ᠶᠢᠨ | ᠡᠮᠴᠢᠯᠡᠭᠡᠨ ᠤ ᠳᠠᠭᠠᠳᠬᠠᠯ ᠢ ᠨᠢᠭᠡᠳᠦᠯᠲᠡᠶ ᠲᠥᠯᠥᠪᠯᠡᠨ ᠲᠣᠭᠠᠴᠠᠭ᠎ᠠ ᠬᠢᠬᠦ ᠵᠡᠷᠭᠡ ᠡᠯ᠎ᠡ ᠵᠦᠢᠯ ᠤᠨ ᠦᠢᠯᠡᠴᠢᠯᠡᠭᠡ ᠶᠢ | ᠪᠡᠶᠡᠯᠡᠭᠦᠯᠵᠦ᠂ ᠡᠪᠡᠳᠴᠢᠲᠡᠨ ᠤ ᠡᠮᠨᠡᠭᠦᠯᠬᠦ ᠴᠠᠭ ᠢ ᠪᠦᠲᠦᠮᠵᠢᠲᠡᠶ ᠠᠷᠪᠢᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ | ᠪᠣᠯᠤᠨ᠎ᠠ᠃ | | | ︽ᠭᠤᠷᠪᠠᠨ ᠡᠯᠧᠺᠳ᠋ᠷᠣᠨ ᠨᠢᠭᠡ ᠲᠣᠭᠠᠴᠠᠭ᠎ᠠ ᠬᠢᠬᠦ︾ ᠨᠢ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠪᠥᠬᠦ ᠶᠠᠪᠤᠴᠠ ᠶᠢ ᠡᠯᠧᠺᠳ᠋ᠷᠤᠨᠴᠢᠯᠡᠬᠦ᠂ ᠵᠣᠷ ᠤᠨ ᠮᠡᠳᠡᠭᠡ ᠵᠠᠩᠭᠢ ᠶᠢ ᠡᠯᠧᠺᠳ᠋ᠷᠤᠨᠴᠢᠯᠠᠨ ᠰᠢᠯᠵᠢᠭᠦᠯᠬᠦ᠂ ᠡᠮ ᠡᠮᠨᠡᠯᠭᠡ ᠶᠢᠨ | ᠳᠠᠭᠠᠳᠬᠠᠯ ᠤᠨ ᠳ᠋ᠦᠩᠨᠡᠨ ᠪᠤᠳᠤᠬᠤ ᠶᠢ ᠡᠯᠧᠺᠳ᠋ᠷᠤᠨᠴᠢᠯᠠᠬᠤ ᠵᠢᠴᠢ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ | ᠰᠢᠯᠵᠢᠮᠡᠯ ᠲᠣᠭᠠᠴᠠᠭ᠎ᠠ ᠬᠢᠬᠦ ᠶᠢ ᠪᠡᠶᠡᠯᠡᠭᠦᠯᠬᠦ ᠪᠠᠷ ᠳᠠᠮᠵᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠳᠥᠭᠦᠮ ᠳᠥᠲᠡ ᠴᠢᠨᠠᠷ ᠢ ᠳᠡᠭᠡᠭᠰᠢᠯᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠦᠢᠯᠡᠴᠢᠯᠡᠭᠡᠨ ᠤ ᠥᠩᠭᠡᠷᠡᠯᠲᠡ ᠶᠢ | ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ︽ᠺᠣᠳ᠋︾ ᠢ | ᠨᠡᠪᠲᠡᠷᠡᠭᠦᠯᠬᠦ ᠶᠢ ᠪᠡᠶᠡᠯᠡᠭᠦᠯᠦᠨ᠎ᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |