ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠬᠤᠤᠰᠯᠠᠬᠤ ᠬᠤᠶᠠᠷ ᠲᠠᠯ᠎ᠠ ᠶᠢᠨ ᠰᠣᠯᠢᠯᠴᠠᠭ᠎ᠠ ᠨᠡᠪᠲᠡᠷᠡᠯᠴᠡᠭᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠬᠥᠭᠵᠢᠯᠲᠡ ᠶᠢ ᠬᠠᠮᠲᠤᠪᠠᠷ ᠰᠦᠪᠡᠭᠴᠢᠯᠡᠨ᠎ᠡ᠃ | 5 ᠰᠠᠷ᠎ᠠ ᠶᠢᠨ 9 ᠤ ᠡᠳᠦᠷ᠂ ᠳ᠋ᠠ ᠲᠦᠩ ᠶᠣᠣ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠩ ᠤᠨ ᠳᠠᠷᠤᠭ᠎ᠠ ᠪᠦᠯᠬᠦᠮ ᠳᠠᠭᠠᠭᠤᠯᠤᠨ᠂ ᠬᠡᠰᠡᠭ ᠰᠢᠶᠠᠩ ᠤᠨ ᠨᠠᠮ ᠵᠠᠰᠠᠭ ᠤᠨ ᠤᠳᠤᠷᠢᠳᠤᠯᠭ᠎ᠠ᠂ | ᠲᠣᠰᠬᠤᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠤᠨ ᠪᠡᠭᠡᠵᠢᠩ ᠬᠤᠲᠠ ᠶᠢᠨ ᠶᠠᠨᠴᠢᠩ ᠲᠣᠭᠤᠷᠢᠭ ᠲᠤ | ᠬᠦᠷᠴᠦ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠨᠢᠭᠡᠴᠡ ᠲᠠᠢ ᠵᠣᠯᠭᠠᠭᠤᠯᠪᠠ᠃ | ᠬᠠᠮᠵᠢᠯᠴᠠᠬᠤ ᠨᠢᠭᠡᠴᠡ ᠶᠢᠨ ᠵᠣᠬᠢᠶᠠᠨ ᠪᠠᠶᠢᠭᠤᠯᠤᠯᠲᠠ ᠳᠣᠣᠷ᠎ᠠ᠂ ᠮᠠᠨ ᠤ ᠰᠢᠶᠠᠨ ᠤ ᠳ᠋ᠠ ᠲᠦᠩ ᠶᠣᠣ ᠰᠢᠶᠠᠩ ᠨᠠᠷ | ᠵᠢᠩ ᠵᠤᠸᠠᠩ ᠪᠠᠯᠭᠠᠰᠤᠨ ᠤ ᠯᠢᠦ ᠭᠸᠤ ᠲᠣᠰᠬᠤᠨ ᠤ ᠲᠡᠦᠬᠡ ᠶᠢᠨ ᠣᠷᠳᠣᠨ᠂ ᠳ᠋ᠠ ᠢᠦᠢ ᠱᠤ᠋ ᠪᠠᠯᠭᠠᠰᠤᠨ ᠤ ᠹᠦ᠋ ᠭᠤᠤ | ᠶᠢᠩ ᠲᠣᠰᠬᠤᠨ ᠤ ᠮᠦ ᠳ᠋ᠠᠨ ᠶᠤᠸᠠᠨ᠂ ᠪᠡᠭᠡᠵᠢᠩ ᠤᠨ ᠱᠢ ᠶᠤᠸᠠᠨ ᠴᠡᠴᠡᠷᠯᠢᠭ ᠵᠡᠷᠭᠡ ᠭᠠᠵᠠᠷ ᠲᠤ ᠬᠦᠷᠴᠦ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠰᠤᠷᠤᠯᠴᠠᠨ ᠰᠣᠯᠢᠯᠴᠠᠬᠤ ᠶᠢᠨ ᠬᠠᠮᠲᠤ ᠱᠢ ᠶᠤᠸᠠᠨ | ᠺᠣᠮᠫᠠᠨᠢ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠳ᠋ᠠ ᠢᠦᠢ ᠱᠤ᠋ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠶᠠᠨ ᠴᠢᠩ ᠲᠣᠭᠤᠷᠢᠭ ᠤᠨ ᠬᠤᠷᠠᠯ ᠳᠤ ᠣᠷᠣᠯᠴᠠᠭᠰᠠᠨ ᠨᠢᠭᠡᠴᠡ ᠶᠢ ᠲᠥᠯᠥᠭᠡᠯᠡᠨ ᠦᠭᠡ ᠬᠡᠯᠡᠵᠦ᠂ | ᠳ᠋ᠠ ᠢᠦᠢ ᠱᠤ᠋ ᠪᠠᠯᠭᠠᠰᠤᠨ ᠤ ᠦᠨᠳᠦᠰᠦᠨ ᠪᠠᠶᠢᠳᠠᠯ ᠵᠢᠴᠢ 2024 ᠣᠨ ᠤ ᠬᠠᠪᠰᠤᠷᠤᠨ ᠲᠡᠳᠬᠦᠬᠦ ᠠᠵᠢᠯ ᠤᠨ | ᠲᠥᠯᠥᠪᠯᠡᠭᠡ ᠵᠢᠴᠢ ᠲᠤᠬᠢᠷᠠᠭᠤᠯᠤᠯᠳᠠ ᠶᠢ ᠲᠠᠨᠢᠯᠴᠠᠭᠤᠯᠵᠤ᠂ ᠡᠯ᠎ᠡ ᠬᠠᠮᠵᠢᠯᠴᠠᠬᠤ ᠨᠢᠭᠡᠴᠡ ᠪᠣᠯᠤᠨ ᠮᠠᠨ ᠤ ᠰᠢᠶᠠᠨ ᠤ ᠳ᠋ᠠ | ᠲᠦᠩ ᠶᠣᠣ ᠰᠢᠶᠠᠩ ᠤᠨ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠵᠢᠴᠢ ᠬᠥᠭᠵᠢᠯᠲᠡ ᠶᠢᠨ ᠬᠡᠷᠡᠭᠴᠡᠭᠡ ᠶᠢᠨ | ᠲᠤᠬᠠᠢ ᠰᠠᠨᠠᠯ ᠢᠶᠠᠨ ᠰᠣᠯᠢᠯᠴᠠᠪᠠ᠃ | 6 ᠰᠠᠷ᠎ᠠ ᠶᠢᠨ 4 ᠤ ᠡᠳᠦᠷ᠂ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠳ᠋ᠠ ᠢᠦᠶ ᠱᠤ᠋ ᠪᠠᠯᠭᠠᠰᠤ᠂ | ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠷᠦ ᠯᠢᠨ ᠵᠡᠭᠡᠯᠢ ᠭᠤᠳᠤᠮᠵᠢ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠵᠡᠷᠭᠡ ᠬᠠᠮᠵᠢᠯᠴᠠᠬᠤ ᠨᠢᠭᠡᠴᠡ ᠮᠠᠨ ᠤ ᠰᠢᠶᠠᠩ ᠳᠤ ᠬᠦᠷᠴᠦ ᠵᠣᠯᠭᠠᠭᠤᠯᠪᠠ᠃ ᠰᠢᠶᠠᠩ ᠤᠨ | ᠤᠳᠤᠷᠢᠳᠬᠤ ᠪᠠᠭ ᠤᠨ ᠪᠦᠷᠢᠯᠳᠦᠬᠦᠨ᠂ ᠲᠣᠰᠬᠤᠨ ᠤ ᠨᠠᠮ ᠤᠨ ᠡᠭᠦᠷ ᠤᠨ ᠱᠦᠵᠢ ᠬᠠᠮᠵᠢᠯᠴᠠᠨ ᠲᠤᠰ ᠤᠳᠠᠭᠠᠨ ᠤ | ᠵᠣᠯᠭᠠᠭᠤᠯᠬᠤ ᠠᠵᠢᠯ ᠳᠤ ᠣᠷᠣᠯᠴᠠᠪᠠ᠃ | ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ ᠳᠠᠬᠢᠨᠲᠠ ᠶᠠᠷᠢᠯᠴᠠᠪᠠ᠃ ᠬᠤᠷᠠᠯ ᠳᠡᠭᠡᠷ᠎ᠡ᠂ | ᠳ᠋ᠠ ᠲᠦᠩ ᠶᠣᠣ ᠰᠢᠶᠠᠩ ᠤᠨ ᠨᠠᠮ ᠤᠨ ᠬᠤᠷᠢᠶᠠᠨ ᠤ ᠱᠦᠵᠢ ᠰᠢᠶᠠᠩ ᠤᠨ ᠦᠨᠳᠦᠰᠦᠨ ᠪᠠᠶᠢᠳᠠᠯ᠂ ᠶᠠᠨ ᠴᠢᠩ | ᠲᠣᠭᠤᠷᠢᠭ ᠯᠤᠭ᠎ᠠ ᠶᠢᠨ ᠬᠠᠮᠵᠢᠯᠴᠠᠭᠠᠨ ᠤ ᠦᠷ᠎ᠡ ᠪᠦᠲᠦᠭᠡᠯ ᠵᠢᠴᠢ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠲᠤᠬᠠᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ | ᠪᠦᠬᠦ ᠰᠢᠶᠠᠩ ᠵᠢᠴᠢ ᠡᠯ᠎ᠡ ᠳᠠᠭᠠᠭᠠᠴᠢᠯᠠᠭᠰᠠᠨ ᠲᠣᠰᠬᠤᠨ ᠤ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ | ᠭᠤᠣᠯᠳᠠᠯᠭ᠎ᠠ ᠳᠤ ᠰᠠᠭᠤᠷᠢᠯᠠᠵᠤ᠂ ᠬᠠᠮᠵᠢᠯᠴᠠᠬᠤ ᠨᠢᠭᠡᠴᠡ ᠶᠢᠨ ᠡᠬᠢ ᠪᠠᠶᠠᠯᠢᠭ ᠤᠨ ᠳᠠᠪᠠᠭᠤᠯᠢᠭ ᠪᠣᠯᠤᠨ ᠲᠡᠷᠢᠭᠦᠨ ᠤ | ᠲᠤᠷᠰᠢᠯᠭ᠎ᠠ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ᠂ ᠰᠣᠶᠣᠯ ᠵᠤᠭᠠᠴᠠᠯ | ᠡᠷᠡᠭᠦᠯᠵᠢᠯ ᠰᠤᠪᠢᠯᠠᠯᠲᠠ᠂ ᠲᠦᠷᠦᠯ ᠲᠡᠮᠳᠡᠭ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠪᠠᠷ | ᠭᠦᠨᠵᠡᠭᠡᠢ ᠤᠯᠤᠯᠴᠠᠭ᠎ᠠ ᠰᠣᠯᠢᠯᠴᠠᠭ᠎ᠠ ᠬᠢᠭᠰᠡᠨ ᠪᠥᠭᠡᠳ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠣᠰᠯᠠᠯ | ᠪᠠᠶᠢᠭᠤᠯᠬᠤ ᠵᠥᠪᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃ | ᠬᠤᠶᠠᠷ ᠤᠳᠠᠭ᠎ᠠ ᠶᠢᠨ ᠵᠣᠯᠭᠠᠭᠤᠯᠬᠤ ᠠᠵᠢᠯᠯᠠᠭ᠎ᠠ ᠪᠣᠯ ᠦᠷ᠎ᠡ ᠪᠦᠲᠦᠭᠡᠯ ᠢ ᠪᠠᠬᠢᠵᠢᠭᠦᠯᠬᠦ᠂ ᠰᠣᠯᠢᠯᠴᠠᠭ᠎ᠠ ᠶᠢ | ᠠᠬᠢᠭᠤᠯᠬᠤ ︽ᠲᠦᠷᠦᠯ ᠰᠠᠳᠤᠨ ᠢᠶᠠᠨ ᠡᠷᠬᠢᠨ ᠦᠵᠡᠬᠦ︾ ᠠᠶᠠᠯᠠᠯ ᠪᠣᠯᠬᠤ ᠪᠠᠷ ᠪᠠᠷᠠᠬᠤ ᠦᠭᠡᠢ᠂ ᠨᠡᠩ ᠴᠤ | ᠬᠠᠮᠵᠢᠯᠴᠠᠭ᠎ᠠ ᠪᠠᠨ ᠭᠦᠨᠵᠡᠭᠡᠶᠢᠷᠡᠭᠦᠯᠬᠦ᠂ ᠬᠥᠭᠵᠢᠯᠲᠡ ᠳᠤ ᠬᠦᠴᠦᠨ ᠨᠡᠮᠡᠷᠢᠯᠡᠬᠦ ︽ᠦᠷ᠎ᠡ ᠬᠡᠦᠬᠡᠳ︾ ᠤᠨ ᠠᠶᠠᠯᠠᠯ | ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠴᠡᠢ᠃ ᠳᠠᠷᠠᠭᠠᠴᠢ ᠶᠢᠨ ᠠᠯᠬᠤᠮ ᠳᠤ᠂ ︽ᠨᠢᠭᠡ ᠭᠡᠷ ᠤᠨ ᠬᠥᠮᠦᠨ᠂ ᠨᠢᠭᠡ ᠶᠠᠪᠤᠳᠠᠯ᠂ ᠨᠢᠭᠡ ᠰᠡᠳᠬᠢᠯ︾ | ᠤᠨ ᠠᠵᠢᠯ ᠤᠨ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠬᠠᠮᠵᠢᠯᠴᠠᠬᠤ ᠨᠢᠭᠡᠴᠡ ᠲᠠᠢ ᠨᠢᠭᠲᠠᠷᠠᠨ ᠪᠦᠯᠬᠦᠮᠳᠡᠵᠦ᠂ ᠬᠤᠶᠠᠷ | ᠭᠠᠵᠠᠷ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠤᠯᠠᠨ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ ᠢᠷᠡᠭᠡᠳᠦᠢ ᠶᠢ ᠬᠠᠮᠲᠤᠪᠠᠷ ᠶᠠᠷᠢᠯᠴᠠᠵᠤ᠂ ᠬᠤᠶᠠᠷ ᠭᠠᠵᠠᠷ ᠤᠨ ᠨᠥᠬᠦᠷᠰᠡᠭ | ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ | ᠲᠡᠳᠬᠦᠬᠦ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |