ᠪᠡᠭᠡᠵᠢᠩ ᠬᠤᠲᠠ ᠶᠢᠨ ᠶᠠᠨ ᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤ ᠡᠤ ᠬᠥ᠋ ᠴᠢᠤᠸᠠᠨ ᠰᠢᠶᠠᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠯᠴᠠᠵᠤ ᠬᠠᠪᠰᠤᠷᠤᠨ ᠲᠡᠳᠬᠦᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/6/13
     ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠲᠦᠷᠭᠡᠳᠬᠡᠨ ᠠᠬᠢᠭᠤᠯᠵᠤ᠂ ᠬᠠᠪᠰᠤᠷᠤᠨ ᠲᠡᠳᠬᠦᠬᠦ ᠬᠠᠮᠵᠢᠯᠴᠠᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ 6 ᠰᠠᠷ᠎ᠠ ᠶᠢᠨ 4᠎ ᠤ ᠡᠳᠦᠷ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤ ᠨᠠᠷ ᠰᠢᠩ ᠾᠧ ᠰᠢᠶᠠᠨ ᠤ ᠡᠦ ᠭᠦ᠋ ᠴᠢᠤᠸᠠᠨ ᠰᠢᠶᠠᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠤᠤᠰᠯᠠᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠬᠡᠰᠡᠭ ᠪᠦᠷᠢᠯᠳᠦᠬᠦᠨ᠂ ᠦ᠋ ᠭᠦ᠋ ᠴᠢᠤᠸᠠᠨ ᠲᠣᠰᠬᠤᠨ᠂ ᠬᠠᠭᠤᠴᠢᠨ ᠭᠠᠴᠠᠭᠠᠨ ᠤ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤᠨ ᠤ ᠨᠠᠷ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠤᠤᠰᠯᠠᠯ ᠪᠠᠶᠢᠭᠤᠯᠤᠭᠰᠠᠨ ᠨᠢᠭᠡᠴᠡ ᠶᠢᠨ ᠣᠷᠳᠣ ᠬᠤᠭᠤᠴᠠᠭᠠᠨ ᠤ ᠲᠤᠷᠰᠢ ᠡᠦ ᠭᠦ᠋ ᠴᠢᠤᠸᠠᠨ ᠰᠢᠶᠠᠩ ᠤᠨ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠬᠠᠪᠰᠤᠷᠤᠨ ᠲᠡᠳᠬᠦᠬᠦ ᠨᠢᠭᠡᠴᠡ ᠶᠢᠨ ᠲᠤᠰ ᠪᠡᠶ᠎ᠡ ᠶᠢᠨ ᠳᠠᠪᠠᠭᠤᠯᠢᠭ ᠪᠣᠯᠤᠨ ᠥᠷᠭᠡᠨ ᠳᠡᠯᠭᠡᠷ ᠬᠥᠮᠦᠨ ᠤ ᠬᠦᠴᠦᠨ ᠤ ᠡᠬᠢ ᠪᠠᠶᠠᠯᠢᠭ ᠲᠤ ᠲᠦᠰᠢᠭᠯᠡᠵᠦ᠂ ᠬᠥᠳᠡᠯᠮᠦᠷᠢᠴᠢᠳ ᠤᠨ ᠠᠵᠢᠯ ᠣᠯᠭᠤᠯᠲᠠ᠂ ᠲᠤᠰ ᠭᠠᠵᠠᠷ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠬᠤᠷᠠᠯ ᠳᠡᠭᠡᠷ᠎ᠡ᠂ ᠡᠦ ᠭᠦ᠋ ᠴᠢᠤᠸᠠᠨ ᠰᠢᠶᠠᠩ ᠤᠨ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠣᠯᠤᠭᠰᠠᠨ ᠪᠣᠳᠠᠲᠤ ᠦᠷ᠎ᠡ ᠪᠦᠲᠦᠮᠵᠢ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠢᠴᠢ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ ᠶᠢᠨ ᠲᠤᠬᠠᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠢ ᠬᠥᠮᠦᠵᠢᠭᠦᠯᠬᠦ᠂ ᠠᠵᠤ ᠦᠢᠯᠡᠰ ᠢ ᠬᠥᠭᠵᠢᠭᠦᠯᠬᠦ᠂ ᠬᠥᠮᠦᠵᠢᠯ ᠪᠣᠯᠪᠠᠰᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠶᠠᠷᠢᠶ᠎ᠠ ᠲᠠᠯᠪᠢᠬᠤ ᠶᠢᠨ ᠬᠠᠮᠲᠤ ᠣᠳᠣᠬᠠᠨ ᠤ ᠬᠠᠮᠵᠢᠯᠴᠠᠬᠤ ᠠᠵᠢᠯ ᠤᠨ ᠦᠷ᠎ᠡ ᠪᠦᠲᠦᠮᠵᠢ᠂ ᠬᠠᠮᠢᠶ᠎ᠠ ᠪᠥᠬᠦᠶ ᠵᠣᠯᠭᠠᠭᠤᠯᠬᠤ ᠠᠭᠤᠯᠭ᠎ᠠ ᠵᠢᠴᠢ ᠵᠠᠯᠭᠠᠮᠵᠢ ᠵᠣᠯᠭᠠᠭᠤᠯᠬᠤ ᠲᠥᠯᠥᠪᠯᠡᠭᠡ ᠶᠢᠨ ᠲᠤᠬᠠᠶ ᠶᠠᠷᠢᠯᠴᠠᠬᠤ ᠬᠤᠷᠠᠯ ᠬᠢᠪᠠ᠃ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤᠨ ᠤ ᠳᠡᠳ᠋ ᠳᠠᠷᠤᠭ᠎ᠠ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠬᠤᠭᠤᠷᠣᠨᠳᠣᠬᠢ ᠰᠤᠷᠤᠯᠴᠠᠯᠭ᠎ᠠ ᠪᠠ ᠰᠣᠯᠢᠯᠴᠠᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃      ᠬᠤᠷᠠᠯ ᠳᠡᠭᠡᠷ᠎ᠡ᠂ ᠪᠡᠭᠡᠵᠢᠩ ᠬᠤᠲᠠ ᠶᠢᠨ ᠶᠠᠨ ᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤ ᠡᠦ ᠭᠦ᠋ ᠴᠢᠤᠸᠠᠨ ᠰᠢᠶᠠᠩ ᠲᠠᠢ ︽ᠬᠤᠣᠰᠯᠠᠨ ᠬᠠᠪᠰᠤᠷᠤᠨ ᠲᠡᠳᠬᠦᠬᠦ ᠬᠡᠯᠡᠯᠴᠡᠭᠡᠷ︾ ᠲᠣᠭᠲᠠᠭᠰᠠᠨ ᠪᠥᠭᠡᠳ ᠲᠤᠰᠠᠯᠠᠮᠵᠢ ᠶᠢᠨ ᠪᠡᠯᠡ ᠮᠥᠩᠭᠦ 157000 ᠲᠥᠭᠦᠷᠢᠭ ᠬᠠᠨᠳᠢᠪᠯᠠᠪᠠ᠃ ᠡᠭᠦᠨ ᠤ ᠬᠠᠮᠲᠤ ᠶᠠᠨ ᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤᠨ ᠤ ᠰᠢ ᠳ᠋ᠠ ᠵᠤᠸᠠᠩ ᠺᠧ ᠲᠣᠰᠬᠤᠨ᠂ ᠾᠧᠦ ᠾᠧᠢ ᠯᠦᠩ ᠮᠢᠶᠣᠣ ᠲᠣᠰᠬᠤᠨ ᠮᠠᠨ ᠤ ᠰᠢᠶᠠᠩ ᠤᠨ ᠡᠦ ᠭᠦ᠋ ᠴᠢᠤᠸᠠᠨ ᠲᠣᠰᠬᠤᠨ᠂ ᠬᠠᠭᠤᠴᠢᠨ ᠲᠣᠰᠬᠤᠨ ᠲᠠᠢ ︽ᠬᠤᠣᠰᠯᠠᠨ ᠬᠠᠪᠰᠤᠷᠤᠨ ᠲᠡᠳᠬᠦᠬᠦ ᠬᠡᠯᠡᠯᠴᠡᠭᠡᠷ︾ ᠲᠣᠭᠲᠠᠭᠰᠠᠨ ᠪᠥᠭᠡᠳ ᠬᠤᠶᠠᠷ ᠲᠣᠰᠬᠤᠨ ᠳᠤ ᠲᠤᠰ ᠲᠤᠰ ᠬᠠᠮᠵᠢᠯᠴᠠᠬᠤ ᠪᠡᠯᠡ ᠮᠥᠩᠭᠦ 3000 ᠲᠥᠭᠦᠷᠢᠭ ᠬᠠᠨᠳᠢᠪᠯᠠᠪᠠ᠃      ᠶᠠᠷᠢᠯᠴᠠᠬᠤ ᠬᠤᠷᠠᠯ ᠤᠨ ᠲᠠᠷᠠᠭ᠎ᠠ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠵᠠᠩ ᠱᠠᠨ ᠶᠢᠩ ᠪᠠᠯᠭᠠᠰᠤᠨ ᠤ ᠳᠡᠳ᠋ ᠳᠠᠷᠤᠭ᠎ᠠ ᠨᠠᠷ ᠦ᠋ ᠭᠦ᠋ ᠴᠢᠤᠸᠠᠨ ᠰᠢᠶᠠᠩ ᠤᠨ ᠭᠤᠯᠢᠷ ᠪᠣᠯᠪᠠᠰᠤᠷᠠᠭᠤᠯᠬᠤ ᠦᠢᠯᠡᠳᠪᠦᠷᠢ᠂ ᠡᠦ ᠭᠦ᠋ ᠴᠢᠤᠸᠠᠨ ᠲᠣᠰᠬᠤᠨ ᠪᠣᠯᠤᠨ ᠬᠤᠤ ᠸᠠᠨ ᠲᠣᠰᠬᠤᠨ ᠳᠤ ᠭᠦᠨᠵᠡᠭᠡᠶᠢᠷᠡᠨ ᠬᠠᠪᠰᠤᠷᠤᠨ ᠲᠡᠳᠬᠦᠬᠦ ᠲᠦᠷᠦᠯ ᠵᠦᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠬᠠᠨᠳᠤᠯᠭᠠᠲᠤ ᠴᠢᠨᠠᠷᠲᠠᠢ ᠪᠠᠷ ᠰᠠᠨᠠᠯ ᠰᠠᠨᠠᠭᠤᠯᠭ᠎ᠠ ᠳᠤᠷᠠᠳᠴᠠᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3