ᠮᠠᠨ ᠤ ᠰᠢᠶᠠᠨ ᠰᠠᠯᠠᠭᠠᠨ ᠲᠡᠰ ᠤᠨ ᠤᠳᠤᠷᠢᠳᠬᠤ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/13
     6 ᠰᠠᠷ᠎ᠠ ᠶᠢᠨ 11 ᠤ ᠡᠳᠦᠷ᠂ ᠮᠠᠨ ᠤ ᠰᠢᠶᠠᠨ ᠤ ᠰᠠᠯᠠᠭᠠᠨ ᠲᠡᠰ ᠤᠨ ᠤᠳᠤᠷᠢᠳᠬᠤ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃      ᠲᠣᠰ ᠤᠳᠠᠭᠠᠨ ᠤ ᠪᠣᠯᠪᠠᠰᠤᠷᠠᠭᠤᠯᠤᠯ ᠢ ᠬᠤᠶᠠᠷ ᠬᠤᠭᠤᠴᠠᠭ᠎ᠠ ᠬᠤᠪᠢᠶᠠᠵᠤ᠂ ᠳᠥᠷᠪᠡᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾᠂ ︽ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ︾᠂ ︽ᠪᠠᠯᠠ ᠣᠷᠣᠭᠤᠯᠤᠯᠲᠠ ᠶᠢᠨ ᠰᠢᠨ᠎ᠡ ᠬᠥᠭᠵᠢᠯᠲᠡ ᠶᠢ ᠠᠬᠢᠭᠤᠯᠬᠤ ᠣᠨᠣᠯ ᠬᠢᠭᠡᠳ ᠪᠣᠳᠠᠲᠤ ᠶᠠᠪᠤᠳᠠᠯ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾᠂ ︽ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ︾ ᠵᠡᠷᠭᠡ ᠣᠯᠠᠨ ᠬᠢᠴᠢᠶᠡᠯ ᠤᠨ ᠲᠣᠭᠤᠷᠢᠨ ᠳᠤ ᠪᠣᠯᠪᠠᠰᠤᠷᠠᠭᠤᠯᠤᠯ ᠥᠷᠨᠢᠭᠦᠯᠪᠡ᠃      ᠪᠣᠯᠪᠠᠰᠤᠷᠠᠯ ᠤᠨ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠣᠯᠪᠠᠰᠤᠷᠠᠯ ᠳᠤ ᠣᠷᠣᠯᠴᠠᠭᠰᠠᠨ ᠪᠦᠬᠦ ᠺᠠᠳ᠋ᠷ ᠬᠢᠵᠠᠭᠠᠷ ᠲᠠᠢ ᠴᠠᠭ ᠲᠤ ᠪᠠᠨ ᠨᠡᠩ ᠤᠯᠠᠨ ᠲᠡᠷᠢᠭᠦᠨ ᠤ ᠣᠶᠢᠯᠠᠭᠠᠭᠳᠠᠬᠤᠨ᠂ ᠰᠡᠳᠬᠢᠴᠡ ᠪᠣᠯᠤᠨ ᠲᠤᠷᠰᠢᠯᠭ᠎ᠠ ᠶᠢ ᠰᠤᠷᠤᠯᠴᠠᠵᠤ᠂ ᠣᠶᠢᠯᠠᠭᠠᠵᠤ  ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠪᠣᠯᠤᠨ ᠪᠣᠳᠠᠲᠠᠢ ᠠᠵᠢᠯ ᠢ ᠤᠶᠠᠯᠳᠤᠭᠤᠯᠵᠤ᠂ ᠰᠣᠷᠣᠭᠰᠠᠨ ᠤᠨᠤᠯ ᠤᠨ ᠮᠡᠳᠡᠯᠭᠡ ᠪᠠᠷ ᠠᠵᠢᠯ ᠤᠨ ᠦᠢᠯᠡᠳᠦᠯᠭᠡ ᠶᠢ ᠵᠢᠯᠣᠭᠤᠳᠴᠤ᠂ ᠦᠢᠯᠡᠳᠦᠯᠭᠡ ᠶᠢᠨ ᠳᠤᠮᠳᠠ ᠲᠤᠷᠰᠢᠯᠭ᠎ᠠ ᠪᠠᠨ ᠳ᠋ᠦᠩᠨᠡᠵᠦ᠂ ᠮᠠᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠪᠦᠬᠦ ᠲᠠᠯ᠎ᠠ ᠶᠢ ᠡᠵᠡᠮᠳᠡᠬᠦ ᠴᠢᠳᠠᠪᠤᠷᠢ᠂ ᠨᠠᠷᠢᠨ ᠪᠤᠳᠤᠯᠢᠶᠠᠨᠲᠠᠢ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ᠰᠤᠷᠤᠯᠴᠠᠯᠭ᠎ᠠ ᠶᠢᠨ ᠣᠯᠤᠯᠲᠠ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠢᠶᠠᠨ ᠠᠬᠢᠭᠤᠯᠬᠤ᠂ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠳᠡᠭᠡᠷ᠎ᠡ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3