ᠸᠠᠩ ᠬᠤᠢ ᠢᠦᠢ ᠮᠠᠨ ᠤ ᠰᠢᠶᠠᠨ ᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/13
      6 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠮᠠᠨ ᠤ ᠰᠢᠶᠠᠨ ᠤ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃      ᠸᠠᠩ ᠬᠤᠢ ᠢᠦᠢ ᠨᠡᠷ ᠮᠠᠨ ᠤ ᠰᠢᠶᠠᠨ ᠤ ᠰᠠᠨ ᠮᠧᠢ ᠪᠣᠬᠢᠷᠲᠤᠯ ᠦᠭᠡᠢ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ᠤᠯᠠᠭᠠᠨᠴᠠᠪ ᠬᠤᠳᠠ ᠶᠢᠨ ᠵᠢᠶᠧ ᠶᠣᠣ ᠠᠵᠤ ᠦᠢᠯᠡᠰ‌‍ᠤᠨ ᠬᠢᠵᠠᠭᠠᠷᠲᠤ ᠺᠣᠮᠫᠠᠨᠢ‌‍ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠲᠦᠷᠦᠯ ᠵᠦᠢᠯ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃      ᠸᠠᠩ ᠬᠤᠢ ᠢᠦᠢ ᠬᠡᠯᠡᠭᠰᠡᠨ ᠨᠢ᠂ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠡᠯ᠎ᠡ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠭᠠᠨ‌‍ᠱᠤᠭᠤᠮ ᠤᠨ ᠤᠬᠠᠮᠰᠠᠷ ᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ‌ᠠᠳᠬᠤᠬᠤ ᠬᠡᠷᠡᠭᠲᠡᠢ᠃ᠠᠮᠤᠷ ᠲᠦᠪᠰᠢᠨ ᠢ ᠦᠨᠡᠨ ᠬᠦ ᠪᠠᠲᠤᠯᠠᠬᠤ ᠪᠠ ᠶᠠᠰᠤ ᠴᠢᠨᠠᠷ ᠢ ᠴᠢᠩᠭ᠎ᠠ ᠠᠳᠬᠤᠭᠰᠠᠨ ᠤᠷᠢᠲᠠᠯ ᠳᠣᠤᠷ᠎ᠠ᠂ ᠠᠵᠢᠯ ᠡᠬᠢᠯᠡᠭᠦᠯᠦᠨ ᠠᠬᠢᠴᠠ ᠶᠢ ᠠᠳᠬᠤᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠥᠷᠥᠯ ᠵᠦᠢᠯ ᠤᠨ ᠢᠨᠵᠧᠨᠧᠷᠢᠩ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠲᠦᠷᠭᠡᠨ ᠠᠬᠢᠭᠤᠯᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠪᠠ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠵᠢᠴᠢ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠰᠠᠶᠢᠲᠤᠷ ᠬᠠᠮᠠᠭᠠᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠵᠧᠦ ᠷᠦᠢ ᠵᠢᠶᠦ᠋ᠨ᠂ ᠾᠧᠦ ᠶᠢᠩ᠂ ᠳ᠋ᠦᠩ ᠬᠤᠩ ᠦ᠋ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3