ᠰᠢᠩ ᠾᠧ ᠰᠢᠶᠠᠨ᠄ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠰᠢᠨ᠎ᠡ ᠵᠠᠭᠪᠤᠷ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠤᠲᠠᠭᠤ ᠭᠦᠶᠦᠯᠭᠡᠬᠦ ᠬᠡᠷᠡᠭᠲᠡᠶ
ᠨᠡᠶᠢᠲᠡᠯᠡᠭᠰᠡᠨ ᠴᠠᠭ᠄
2024/6/13
     ︽ᠬᠠᠷᠢᠯᠴᠠᠨ ᠬᠤᠯᠪᠣᠭᠠᠯᠠᠵᠤ ᠡᠮ ᠡᠮᠨᠡᠯᠭᠡ ᠶᠢᠨ ᠳᠠᠭᠠᠳᠬᠠᠯ︾ ᠤᠨ ᠦᠢᠯᠡᠴᠢᠯᠡᠭᠡᠨ ᠤ ᠵᠠᠭᠪᠤᠷ ᠢ ᠤᠯᠠᠮ ᠨᠢᠭᠡ ᠠᠯᠬᠤᠮ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠰᠢᠩ ᠾᠧ ᠰᠢᠶᠠᠨ ︽ᠭᠤᠷᠪᠠᠨ ᠡᠯᠧᠺᠳ᠋ᠷᠣᠨ ᠨᠢᠭᠡ ᠲᠣᠭᠠᠴᠠᠭ᠎ᠠ ᠬᠢᠬᠦ︾ ᠠᠵᠢᠯ ᠲᠠᠢ ᠢᠳᠡᠪᠬᠢᠲᠡᠶ ᠵᠣᠯᠭᠠᠭᠤᠯᠵᠤ᠂ ᠪᠥᠬᠦ ᠬᠤᠲᠠ ᠳᠤ ᠤᠷᠢᠳᠠᠪᠠᠷ ︽ᠭᠤᠷᠪᠠᠨ ᠡᠯᠧᠺᠳ᠋ᠷᠣᠨ ᠨᠢᠭᠡ ᠲᠣᠭᠠᠴᠠᠭ᠎ᠠ ᠬᠢᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠦᠯᠵᠢᠶᠡᠨ ᠳᠤ ᠭᠠᠷᠭᠠᠵᠤ᠂ ᠡᠪᠡᠳᠴᠢᠲᠡᠨ ᠢ ᠡᠪᠡᠳᠴᠢᠨ ᠦᠵᠡᠭᠦᠯᠬᠦ ᠶᠠᠪᠤᠴᠠ ᠳᠤ ᠨᠠᠩ ᠣᠯᠠᠨ ᠲᠥᠬᠦᠮ ᠦᠵᠡᠭᠦᠯᠪᠡ᠃
     ᠣᠳᠣᠬᠠᠨ ᠳᠤ᠂ ᠰᠢᠩ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢᠭᠡᠨᠲᠡ ᠡᠮᠴᠢᠯᠡᠭᠡᠨ ᠤ ᠳᠠᠭᠠᠳᠬᠠᠯ ᠤᠨ ᠵᠢᠰᠦ ᠪᠠᠨ ᠭᠠᠷᠭᠠᠵᠤ ᠲᠣᠭᠠᠴᠠᠭ᠎ᠠ ᠬᠢᠬᠦ ᠴᠢᠳᠠᠮᠵᠢ ᠶᠢ ᠪᠡᠶᠡᠯᠡᠭᠦᠯᠦᠭᠰᠡᠨ ᠪᠥᠭᠡᠳ 116 ᠵᠠᠯᠭᠠᠭᠠᠰᠤ ᠶᠢ ᠥᠭᠡᠷᠡᠴᠢᠯᠡᠵᠦ ᠳᠠᠭᠤᠰᠬᠠᠭᠠᠳ᠂ ᠲᠣᠰ ᠠᠵᠢᠯ ᠳᠠᠭᠤᠰᠤᠭᠰᠠᠨ ᠤ ᠳᠠᠷᠠᠭ᠎ᠠ᠂ ᠡᠪᠡᠳᠴᠢᠲᠡᠨ ᠤ ᠡᠮᠨᠡᠭᠦᠯᠬᠦ ᠴᠠᠭ ᠢ ᠢᠯᠡᠳᠲᠡ ᠪᠣᠭᠤᠨᠢᠰᠬᠠᠵᠤ᠂ ᠪᠡᠶ᠎ᠡ ᠶᠢᠨ ᠦᠨᠡᠮᠯᠡᠯ ᠵᠢᠴᠢ ᠡᠮᠴᠢᠯᠡᠭᠡᠨ ᠤ ᠳᠠᠭᠠᠳᠬᠠᠯ ᠤᠨ ᠺᠠᠷᠲ ᠢ ᠠᠪᠬᠤ ᠦᠭᠡᠢ ᠪᠠᠶᠢᠵᠤ᠂ ᠰᠢᠭᠤᠳ ᠨᠢᠭᠤᠷ ᠭᠠᠷᠭᠠᠨ ᠡᠪᠡᠳᠴᠢᠨ ᠦᠵᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠲᠦᠢᠯ ᠤᠨ ᠶᠡᠭᠡ ᠲᠥᠬᠦᠮ ᠦᠵᠡᠭᠦᠯᠵᠦ᠂ ᠡᠪᠡᠳᠴᠢᠨ ᠦᠵᠡᠭᠦᠯᠬᠦ ᠥᠩᠭᠡᠷᠡᠯᠲᠡ ᠪᠠᠨ ᠰᠠᠶᠢᠵᠢᠷᠠᠭᠤᠯᠪᠠ᠃
     ᠡᠭᠦᠨ ᠤ ᠬᠠᠮᠲᠤ᠂ ᠡᠪᠡᠳᠴᠢᠲᠡᠨ ᠪᠠᠰᠠ ᠰᠢᠩ ᠾᠧ ᠰᠢᠶᠠᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶᠠᠨ ᠤ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠡᠭᠦᠳᠡᠨ ᠡᠮᠨᠡᠯᠭᠡ ᠶᠢᠨ ᠡᠮᠴᠢᠯᠡᠭᠡᠨ ᠤ ᠳᠠᠭᠠᠳᠬᠠᠯ ᠢ ᠨᠢᠭᠡᠳᠦᠯᠲᠡᠶ ᠲᠥᠯᠥᠪᠯᠡᠨ ᠲᠣᠭᠠᠴᠠᠭ᠎ᠠ ᠬᠢᠬᠦ ᠵᠡᠷᠭᠡ ᠡᠯ᠎ᠡ ᠵᠦᠢᠯ ᠤᠨ ᠦᠢᠯᠡᠴᠢᠯᠡᠭᠡ ᠶᠢ ᠪᠡᠶᠡᠯᠡᠭᠦᠯᠵᠦ᠂ ᠡᠪᠡᠳᠴᠢᠲᠡᠨ ᠤ ᠡᠮᠨᠡᠭᠦᠯᠬᠦ ᠴᠠᠭ ᠢ ᠪᠦᠲᠦᠮᠵᠢᠲᠡᠶ ᠠᠷᠪᠢᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠣᠯᠤᠨ᠎ᠠ᠃
     ︽ᠭᠤᠷᠪᠠᠨ ᠡᠯᠧᠺᠳ᠋ᠷᠣᠨ ᠨᠢᠭᠡ ᠲᠣᠭᠠᠴᠠᠭ᠎ᠠ ᠬᠢᠬᠦ︾ ᠨᠢ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠪᠥᠬᠦ ᠶᠠᠪᠤᠴᠠ ᠶᠢ ᠡᠯᠧᠺᠳ᠋ᠷᠤᠨᠴᠢᠯᠡᠬᠦ᠂ ᠵᠣᠷ ᠤᠨ ᠮᠡᠳᠡᠭᠡ ᠵᠠᠩᠭᠢ ᠶᠢ ᠡᠯᠧᠺᠳ᠋ᠷᠤᠨᠴᠢᠯᠠᠨ ᠰᠢᠯᠵᠢᠭᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠤᠬᠤ ᠶᠢ ᠡᠯᠧᠺᠳ᠋ᠷᠤᠨᠴᠢᠯᠠᠬᠤ ᠵᠢᠴᠢ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠰᠢᠯᠵᠢᠮᠡᠯ ᠲᠣᠭᠠᠴᠠᠭ᠎ᠠ ᠬᠢᠬᠦ ᠶᠢ ᠪᠡᠶᠡᠯᠡᠭᠦᠯᠬᠦ ᠪᠠᠷ ᠳᠠᠮᠵᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠦᠢᠯᠡᠴᠢᠯᠡᠭᠡᠨ ᠤ ᠥᠩᠭᠡᠷᠡᠯᠲᠡ ᠶᠢ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ︽ᠺᠣᠳ᠋︾ ᠢ ᠨᠡᠪᠲᠡᠷᠡᠭᠦᠯᠬᠦ ᠶᠢ ᠪᠡᠶᠡᠯᠡᠭᠦᠯᠦᠨ᠎ᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3