︽ᠵᠡᠭᠦᠨ ᠪᠠᠷᠠᠭᠤᠨ︾  ᠤ ᠬᠠᠮᠵᠢᠯᠴᠠᠭ᠎ᠠ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ︽ᠪᠡᠭᠡᠵᠢᠩ ᠥᠪᠥᠷ ᠮᠣᠩᠭᠤᠯ︾ ᠭᠠᠷ ᠬᠤᠯᠪᠣᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ
ᠨᠡᠶᠢᠲᠡᠯᠡᠭᠰᠡᠨ ᠴᠠᠭ᠄
2024/6/13
    ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠬᠤᠤᠰᠯᠠᠬᠤ ᠬᠤᠶᠠᠷ ᠲᠠᠯ᠎ᠠ ᠶᠢᠨ ᠰᠣᠯᠢᠯᠴᠠᠭ᠎ᠠ ᠨᠡᠪᠲᠡᠷᠡᠯᠴᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠬᠥᠭᠵᠢᠯᠲᠡ ᠶᠢ ᠬᠠᠮᠲᠤᠪᠠᠷ ᠰᠦᠪᠡᠭᠴᠢᠯᠡᠨ᠎ᠡ᠃      5 ᠰᠠᠷ᠎ᠠ ᠶᠢᠨ 9 ᠤ ᠡᠳᠦᠷ᠂ ᠳ᠋ᠠ ᠲᠦᠩ ᠶᠣᠣ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠪᠦᠯᠬᠦᠮ ᠳᠠᠭᠠᠭᠤᠯᠤᠨ᠂ ᠬᠡᠰᠡᠭ ᠰᠢᠶᠠᠩ ᠤᠨ ᠨᠠᠮ ᠵᠠᠰᠠᠭ ᠤᠨ ᠤᠳᠤᠷᠢᠳᠤᠯᠭ᠎ᠠ᠂ ᠲᠣᠰᠬᠤᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠤᠨ ᠪᠡᠭᠡᠵᠢᠩ ᠬᠤᠲᠠ ᠶᠢᠨ ᠶᠠᠨᠴᠢᠩ ᠲᠣᠭᠤᠷᠢᠭ ᠲᠤ ᠬᠦᠷᠴᠦ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠨᠢᠭᠡᠴᠡ ᠲᠠᠢ ᠵᠣᠯᠭᠠᠭᠤᠯᠪᠠ᠃      ᠬᠠᠮᠵᠢᠯᠴᠠᠬᠤ ᠨᠢᠭᠡᠴᠡ ᠶᠢᠨ ᠵᠣᠬᠢᠶᠠᠨ ᠪᠠᠶᠢᠭᠤᠯᠤᠯᠲᠠ ᠳᠣᠣᠷ᠎ᠠ᠂ ᠮᠠᠨ ᠤ ᠰᠢᠶᠠᠨ ᠤ ᠳ᠋ᠠ ᠲᠦᠩ ᠶᠣᠣ ᠰᠢᠶᠠᠩ ᠨᠠᠷ ᠵᠢᠩ ᠵᠤᠸᠠᠩ ᠪᠠᠯᠭᠠᠰᠤᠨ ᠤ ᠯᠢᠦ ᠭᠸᠤ ᠲᠣᠰᠬᠤᠨ ᠤ ᠲᠡᠦᠬᠡ ᠶᠢᠨ ᠣᠷᠳᠣᠨ᠂ ᠳ᠋ᠠ ᠢᠦᠢ ᠱᠤ᠋ ᠪᠠᠯᠭᠠᠰᠤᠨ ᠤ ᠹᠦ᠋ ᠭᠤᠤ ᠶᠢᠩ ᠲᠣᠰᠬᠤᠨ ᠤ ᠮᠦ ᠳ᠋ᠠᠨ ᠶᠤᠸᠠᠨ᠂ ᠪᠡᠭᠡᠵᠢᠩ ᠤᠨ ᠱᠢ ᠶᠤᠸᠠᠨ ᠴᠡᠴᠡᠷᠯᠢᠭ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠰᠤᠷᠤᠯᠴᠠᠨ ᠰᠣᠯᠢᠯᠴᠠᠬᠤ ᠶᠢᠨ ᠬᠠᠮᠲᠤ ᠱᠢ ᠶᠤᠸᠠᠨ ᠺᠣᠮᠫᠠᠨᠢ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠳ᠋ᠠ ᠢᠦᠢ ᠱᠤ᠋ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠴᠢᠩ ᠲᠣᠭᠤᠷᠢᠭ ᠤᠨ ᠬᠤᠷᠠᠯ ᠳᠤ ᠣᠷᠣᠯᠴᠠᠭᠰᠠᠨ ᠨᠢᠭᠡᠴᠡ ᠶᠢ ᠲᠥᠯᠥᠭᠡᠯᠡᠨ ᠦᠭᠡ ᠬᠡᠯᠡᠵᠦ᠂ ᠳ᠋ᠠ ᠢᠦᠢ ᠱᠤ᠋ ᠪᠠᠯᠭᠠᠰᠤᠨ ᠤ ᠦᠨᠳᠦᠰᠦᠨ ᠪᠠᠶᠢᠳᠠᠯ ᠵᠢᠴᠢ 2024 ᠣᠨ ᠤ ᠬᠠᠪᠰᠤᠷᠤᠨ ᠲᠡᠳᠬᠦᠬᠦ ᠠᠵᠢᠯ ᠤᠨ ᠲᠥᠯᠥᠪᠯᠡᠭᠡ ᠵᠢᠴᠢ ᠲᠤᠬᠢᠷᠠᠭᠤᠯᠤᠯᠳᠠ ᠶᠢ ᠲᠠᠨᠢᠯᠴᠠᠭᠤᠯᠵᠤ᠂ ᠡᠯ᠎ᠡ ᠬᠠᠮᠵᠢᠯᠴᠠᠬᠤ ᠨᠢᠭᠡᠴᠡ ᠪᠣᠯᠤᠨ ᠮᠠᠨ ᠤ ᠰᠢᠶᠠᠨ ᠤ ᠳ᠋ᠠ ᠲᠦᠩ ᠶᠣᠣ ᠰᠢᠶᠠᠩ ᠤᠨ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠵᠢᠴᠢ ᠬᠥᠭᠵᠢᠯᠲᠡ ᠶᠢᠨ ᠬᠡᠷᠡᠭᠴᠡᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃      6 ᠰᠠᠷ᠎ᠠ ᠶᠢᠨ 4 ᠤ ᠡᠳᠦᠷ᠂ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠳ᠋ᠠ ᠢᠦᠶ ᠱᠤ᠋ ᠪᠠᠯᠭᠠᠰᠤ᠂ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠷᠦ ᠯᠢᠨ ᠵᠡᠭᠡᠯᠢ ᠭᠤᠳᠤᠮᠵᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠬᠠᠮᠵᠢᠯᠴᠠᠬᠤ ᠨᠢᠭᠡᠴᠡ ᠮᠠᠨ ᠤ ᠰᠢᠶᠠᠩ ᠳᠤ ᠬᠦᠷᠴᠦ ᠵᠣᠯᠭᠠᠭᠤᠯᠪᠠ᠃ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠣᠰᠬᠤᠨ ᠤ ᠨᠠᠮ ᠤᠨ ᠡᠭᠦᠷ ᠤᠨ ᠱᠦᠵᠢ ᠬᠠᠮᠵᠢᠯᠴᠠᠨ ᠲᠤᠰ ᠤᠳᠠᠭᠠᠨ ᠤ ᠵᠣᠯᠭᠠᠭᠤᠯᠬᠤ ᠠᠵᠢᠯ ᠳᠤ ᠣᠷᠣᠯᠴᠠᠪᠠ᠃      ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ ᠳᠠᠬᠢᠨᠲᠠ ᠶᠠᠷᠢᠯᠴᠠᠪᠠ᠃ ᠬᠤᠷᠠᠯ ᠳᠡᠭᠡᠷ᠎ᠡ᠂ ᠳ᠋ᠠ ᠲᠦᠩ ᠶᠣᠣ ᠰᠢᠶᠠᠩ ᠤᠨ ᠨᠠᠮ ᠤᠨ ᠬᠤᠷᠢᠶᠠᠨ ᠤ ᠱᠦᠵᠢ ᠰᠢᠶᠠᠩ ᠤᠨ ᠦᠨᠳᠦᠰᠦᠨ ᠪᠠᠶᠢᠳᠠᠯ᠂ ᠶᠠᠨ ᠴᠢᠩ ᠲᠣᠭᠤᠷᠢᠭ ᠯᠤᠭ᠎ᠠ ᠶᠢᠨ ᠬᠠᠮᠵᠢᠯᠴᠠᠭᠠᠨ ᠤ ᠦᠷ᠎ᠡ ᠪᠦᠲᠦᠭᠡᠯ ᠵᠢᠴᠢ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠲᠤᠬᠠᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠪᠦᠬᠦ ᠰᠢᠶᠠᠩ ᠵᠢᠴᠢ ᠡᠯ᠎ᠡ ᠳᠠᠭᠠᠭᠠᠴᠢᠯᠠᠭᠰᠠᠨ ᠲᠣᠰᠬᠤᠨ ᠤ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠭᠤᠣᠯᠳᠠᠯᠭ᠎ᠠ ᠳᠤ ᠰᠠᠭᠤᠷᠢᠯᠠᠵᠤ᠂ ᠬᠠᠮᠵᠢᠯᠴᠠᠬᠤ ᠨᠢᠭᠡᠴᠡ ᠶᠢᠨ ᠡᠬᠢ ᠪᠠᠶᠠᠯᠢᠭ ᠤᠨ ᠳᠠᠪᠠᠭᠤᠯᠢᠭ ᠪᠣᠯᠤᠨ ᠲᠡᠷᠢᠭᠦᠨ ᠤ ᠲᠤᠷᠰᠢᠯᠭ᠎ᠠ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ᠂ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ᠂ ᠲᠦᠷᠦᠯ ᠲᠡᠮᠳᠡᠭ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠪᠠᠷ ᠭᠦᠨᠵᠡᠭᠡᠢ ᠤᠯᠤᠯᠴᠠᠭ᠎ᠠ ᠰᠣᠯᠢᠯᠴᠠᠭ᠎ᠠ ᠬᠢᠭᠰᠡᠨ ᠪᠥᠭᠡᠳ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠣᠰᠯᠠᠯ ᠪᠠᠶᠢᠭᠤᠯᠬᠤ ᠵᠥᠪᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃      ᠬᠤᠶᠠᠷ ᠤᠳᠠᠭ᠎ᠠ ᠶᠢᠨ ᠵᠣᠯᠭᠠᠭᠤᠯᠬᠤ ᠠᠵᠢᠯᠯᠠᠭ᠎ᠠ ᠪᠣᠯ ᠦᠷ᠎ᠡ ᠪᠦᠲᠦᠭᠡᠯ ᠢ ᠪᠠᠬᠢᠵᠢᠭᠦᠯᠬᠦ᠂ ᠰᠣᠯᠢᠯᠴᠠᠭ᠎ᠠ ᠶᠢ ᠠᠬᠢᠭᠤᠯᠬᠤ ︽ᠲᠦᠷᠦᠯ ᠰᠠᠳᠤᠨ ᠢᠶᠠᠨ ᠡᠷᠬᠢᠨ ᠦᠵᠡᠬᠦ︾ ᠠᠶᠠᠯᠠᠯ ᠪᠣᠯᠬᠤ ᠪᠠᠷ ᠪᠠᠷᠠᠬᠤ ᠦᠭᠡᠢ᠂ ᠨᠡᠩ ᠴᠤ ᠬᠠᠮᠵᠢᠯᠴᠠᠭ᠎ᠠ ᠪᠠᠨ ᠭᠦᠨᠵᠡᠭᠡᠶᠢᠷᠡᠭᠦᠯᠬᠦ᠂ ᠬᠥᠭᠵᠢᠯᠲᠡ ᠳᠤ ᠬᠦᠴᠦᠨ ᠨᠡᠮᠡᠷᠢᠯᠡᠬᠦ ︽ᠦᠷ᠎ᠡ ᠬᠡᠦᠬᠡᠳ︾ ᠤᠨ ᠠᠶᠠᠯᠠᠯ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠳᠠᠷᠠᠭᠠᠴᠢ ᠶᠢᠨ ᠠᠯᠬᠤᠮ ᠳᠤ᠂ ︽ᠨᠢᠭᠡ ᠭᠡᠷ ᠤᠨ ᠬᠥᠮᠦᠨ᠂ ᠨᠢᠭᠡ ᠶᠠᠪᠤᠳᠠᠯ᠂ ᠨᠢᠭᠡ ᠰᠡᠳᠬᠢᠯ︾ ᠤᠨ ᠠᠵᠢᠯ ᠤᠨ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠬᠠᠮᠵᠢᠯᠴᠠᠬᠤ ᠨᠢᠭᠡᠴᠡ ᠲᠠᠢ ᠨᠢᠭᠲᠠᠷᠠᠨ ᠪᠦᠯᠬᠦᠮᠳᠡᠵᠦ᠂ ᠬᠤᠶᠠᠷ ᠭᠠᠵᠠᠷ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠤᠯᠠᠨ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ ᠢᠷᠡᠭᠡᠳᠦᠢ ᠶᠢ ᠬᠠᠮᠲᠤᠪᠠᠷ ᠶᠠᠷᠢᠯᠴᠠᠵᠤ᠂ ᠬᠤᠶᠠᠷ ᠭᠠᠵᠠᠷ ᠤᠨ ᠨᠥᠬᠦᠷᠰᠡᠭ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3