6 ᠰᠠᠷ᠎ᠠ ᠶᠢᠨ 14 ᠤ ᠡᠳᠦᠷ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠶᠧ ᠳ᠋ᠠ ᠬᠤᠸᠠ ᠨᠠᠷ ᠮᠠᠨ ᠤ ᠰᠢᠶᠠᠨ ᠳᠤ ᠬᠦᠷᠴᠦ ᠵᠡᠭᠦᠨ ᠪᠠᠷᠠᠭᠤᠨ | ᠣᠷᠣᠨ ᠤ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠵᠤ᠂ ᠬᠤᠳᠠ ᠶᠢᠨ ᠤᠳᠤᠷᠢᠳᠤᠯᠭ᠎ᠠ ᠸᠠᠩ ᠴᠠᠩ ᠰᠦᠩ᠂ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃ | ᠶᠧ ᠳ᠋ᠠ ᠬᠤᠸᠠ ᠨᠠᠷ ᠤᠷᠢᠳ ᠬᠤᠵᠢᠳ ᠡᠷᠳᠡᠨᠢ ᠪᠠᠯᠭᠠᠰᠤᠨ ᠤ ᠳ᠋ᠠ ᠫᠦᠸᠧ ᠳ᠋ᠢ ᠲᠣᠰᠬᠤᠨ ᠤ ᠪᠤᠩᠬᠤᠨ | ᠲᠣᠰᠬᠤᠨ ᠪᠣᠯᠤᠨ ᠬᠠᠢ ᠲᠠᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠤᠰᠤᠲᠤᠯ ᠤᠨ ᠯᠢ | ᠬᠠᠢ ᠶᠢᠨ ︽ᠪᠠᠢ ᠮᠧᠢ ᠠᠶᠢᠯ ᠲᠣᠰᠬᠤᠨ︾ ᠤ ᠲᠦᠷᠦᠯ ᠵᠦᠢᠯ᠂ 1GW ᠶᠢᠨ ᠭᠡᠷᠡᠯ ᠴᠡᠨᠡᠭ ᠤᠨ ᠲᠤᠨᠤᠭ | ᠲᠥᠬᠦᠭᠡᠷᠦᠮᠵᠢ ᠪᠣᠯᠤᠨ 1GW ᠶᠢᠨ ᠭᠡᠷᠡᠯ ᠴᠡᠨᠡᠭ ᠤᠨ ᠲᠤᠯᠭᠠᠭᠤᠷᠢ ᠶᠢᠨ ᠲᠦᠷᠦᠯ ᠵᠦᠢᠯ ᠢ ᠪᠠᠶᠢᠴᠠᠭᠠᠨ | ᠦᠵᠡᠭᠰᠡᠨ ᠪᠥᠭᠡᠳ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠲᠣᠬᠤᠨᠢᠭᠤᠯᠵᠤ᠂ ᠰᠢᠩ ᠡᡁᠧ ᠰᠢᠶᠠᠨ ᠤ ︽ | ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭ᠎ᠠ ᠠᠪᠬᠤ ᠠᠯᠪᠠᠨ ᠭᠡᠷ ᠲᠤ ᠬᠦᠷᠴᠦ ︽ᠤᠮᠠᠷᠠᠲᠤ ᠶᠢᠨ | ᠰᠡᠳᠬᠢᠯ ᠵᠢᠷᠦᠬᠡ ᠪᠠᠨ ᠬᠤᠯᠪᠣᠭᠰᠠᠨ ᠬᠥᠭᠦᠷᠭᠡ - ᠰᠢᠩ ᠡᡁᠧ ᠰᠢᠶᠠᠨ ᠤ ᠲᠥᠯᠥᠭᠡᠯᠡᠭᠴᠢ ᠭᠡᠰᠢᠭᠦᠨ ᠤ | ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠤᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ | ᠳᠠᠷᠠᠭ᠎ᠠ ᠨᠢ ᠬᠠᠮᠲᠤᠷᠠᠭᠰᠠᠨ ᠬᠤᠷᠠᠯ ᠬᠤᠷᠠᠯᠳᠤᠭᠤᠯᠪᠠ᠃ | ᠬᠠᠮᠲᠤᠷᠠᠭᠰᠠᠨ ᠬᠤᠷᠠᠯ ᠳᠡᠭᠡᠷ᠎ᠡ᠂ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠪᠠᠶᠢᠩᠭᠤ ᠶᠢᠨ ᠳᠡᠳ᠋ ᠳᠠᠷᠤᠭ᠎ᠠ ᠳ᠋ᠢᠩ ᠵᠠᠩ ᠴᠦᠨ ᠪᠣᠯᠤᠨ ᠰᠢᠩ ᠾᠧ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠹᠦ᠋ ᠬᠠᠢ ᠶᠠᠨ ᠲᠤᠰ ᠲᠤᠰ ᠥᠪᠡᠷ | ᠥᠪᠡᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠭᠰᠡᠨ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠠᠬᠢᠭᠤᠯᠤᠭᠰᠠᠨ ᠪᠠᠶᠢᠳᠠᠯ᠂ ᠶᠠᠨ ᠰᠢᠩ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ | ᠪᠠᠶᠢᠳᠠᠯ ᠢ ᠲᠠᠨᠢᠯᠴᠠᠭᠤᠯᠤᠭᠰᠠᠨ ᠪᠥᠭᠡᠳ ︽2024 ᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ | ᠬᠡᠯᠡᠯᠴᠡᠭᠡᠷ︾ ᠲᠤ ᠭᠠᠷ ᠤᠨ ᠦᠰᠦᠭ ᠵᠢᠷᠤᠪᠠ᠃ | ᠶᠧ ᠳ᠋ᠠ ᠬᠤᠸᠠ ᠰᠢᠩ ᠾᠧ ᠰᠢᠶᠠᠨ ᠤ ᠤᠢᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠣᠯᠤᠭᠰᠠᠨ | ᠰᠢᠨ᠎ᠡ ᠠᠮᠵᠢᠯᠲᠠ ᠰᠢᠨ᠎ᠡ ᠬᠥᠭᠵᠢᠯᠲᠡ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠵᠤ ᠬᠢᠨᠠᠨ ᠰᠢᠯᠭᠠᠵᠤ ᠦᠨᠡᠯᠡᠨ ᠵᠢᠱᠢᠬᠦ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠳᠤ | ᠪᠠᠶᠠᠷ ᠬᠦᠷᠭᠡᠪᠡ᠃ ᠲᠡᠷᠡ᠂ ᠬᠤᠶᠠᠷ ᠭᠠᠵᠠᠷ ᠤᠨ ᠬᠢᠨ ᠦᠷᠭᠦᠯᠵᠢᠯᠡᠨ ︽ᠬᠤᠷᠢᠭ᠎ᠠ ᠱᠤᠭᠤᠮ ᠢ ᠰᠠᠬᠢᠬᠤ᠂ | ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠬᠠᠷᠠᠯᠲᠠ ᠶᠢᠨ | ᠲᠣᠭᠤᠷᠢᠨ ᠳᠤ᠂ ᠬᠠᠮᠵᠢᠯᠴᠠᠬᠤ ᠬᠦᠷᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠠᠮᠲᠤᠪᠠᠷ ᠴᠢᠨᠡᠭᠡᠯᠢᠭᠵᠢᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠬᠦᠴᠦ ᠪᠠᠨ ᠬᠠᠮᠲᠤᠳᠬᠠᠨ ᠬᠥᠭᠵᠢᠭᠦᠯᠵᠦ ᠲᠠᠬᠢᠨ ᠰᠢᠨ᠎ᠡ ᠦᠨᠳᠦᠷᠴᠡ ᠳᠤ ᠭᠠᠷᠬᠤ ᠶᠢ ᠠᠬᠢᠭᠤᠯᠬᠤ ᠬᠡᠷᠡᠭᠲᠡᠢ ᠭᠡᠵᠦ | ᠬᠡᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ | ᠪᠠᠶᠢᠬᠤ ᠶᠢ ᠪᠠᠲᠤᠯᠠᠵᠤ᠂ ᠰᠣᠶᠣᠯ ᠵᠤᠭᠠᠴᠠᠯ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠳᠡᠭᠡ ᠠᠵᠤ | ᠠᠬᠤᠢ ᠬᠥᠳᠡᠭᠡ ᠲᠣᠰᠬᠤᠨ ᠵᠡᠷᠭᠡ ᠲᠠᠯ᠎ᠠ ᠶᠢᠨ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠵᠢᠯ ᠤᠨ | ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ | ᠭᠦᠢᠴᠡᠳᠬᠡᠬᠦ ᠶᠢ ᠴᠢᠩᠭᠠᠳᠬᠠᠵᠤ᠂ ᠬᠠᠮᠵᠢᠯᠴᠠᠬᠤ ᠦᠯᠢᠭᠡᠷ ᠢ ᠰᠠᠶᠢᠲᠤᠷ ᠶᠠᠷᠢᠵᠤ᠂ ᠬᠠᠮᠵᠢᠯᠴᠠᠬᠤ ᠦᠷ᠎ᠡ | ᠪᠦᠲᠦᠭᠡᠯ ᠢᠶᠠᠨ ᠢᠯᠡᠷᠡᠭᠦᠯᠬᠦ ᠬᠡᠷᠡᠭᠲᠡᠢ᠃ ᠲᠡᠷᠡ᠂ ᠶᠠᠨ ᠴᠢᠩ ᠲᠣᠭᠤᠷᠢᠭ ᠤᠨ ᠬᠢᠨ ᠰᠢᠩ ᠾᠧ ᠰᠢᠶᠠᠨ ᠲᠠᠢ ᠨᠡᠩ | ᠤᠯᠠᠨ ᠬᠦᠷᠢᠶᠡᠨ ᠳᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷ ᠬᠤᠯᠪᠣᠨ ᠵᠡᠷᠭᠡᠪᠡᠷ ᠤᠷᠤᠭᠰᠢᠯᠠᠵᠤ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ᠂ | ᠬᠠᠮᠲᠤᠷᠠᠯᠴᠠᠭ᠎ᠠ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ ᠭᠡᠵᠦ ᠢᠯᠡᠳᠬᠡᠪᠡ᠃ | ᠸᠠᠩ ᠬᠤᠢ ᠢᠦᠢ ᠶᠠᠨᠴᠢᠩ ᠲᠣᠭᠤᠷᠢᠭ ᠤᠨ ᠤᠷᠳᠤ ᠬᠤᠭᠤᠴᠠᠭᠠᠨ ᠤ ᠲᠤᠷᠰᠢ ᠰᠢᠩ ᠾᠧ ᠰᠢᠶᠠᠨ ᠳᠤ | ᠦᠵᠡᠭᠦᠯᠦᠭᠰᠡᠨ ᠬᠠᠯᠠᠮᠵᠢᠯᠠᠯ᠂ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ | ᠰᠢᠩ ᠾᠧ ᠰᠢᠶᠠᠨ ᠲᠣᠭᠲᠠᠭᠰᠠᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠪᠡᠯᠡ ᠮᠥᠩᠭᠦ ᠶᠢ ᠬᠡᠷᠡᠭᠯᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ᠲᠦᠷᠦᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠵᠤ᠂ ᠬᠠᠪᠰᠤᠷᠤᠨ ᠲᠡᠳᠬᠦᠭᠰᠡᠨ | ᠦᠷ᠎ᠡ ᠪᠦᠲᠦᠭᠡᠯ ᠢ ᠢᠯᠡ ᠪᠥᠭᠡᠳ ᠪᠦᠲᠦᠮᠵᠢᠲᠡᠢ ᠦᠷᠭᠦᠯᠵᠢᠯᠡᠭᠦᠯᠦᠨ᠎ᠡ᠃ ᠬᠠᠮᠵᠢᠯᠴᠠᠭᠠᠨ ᠤ ᠥᠷᠭᠡᠴᠡ ᠭᠦᠨᠴᠡ ᠶᠢ | ᠲᠠᠰᠤᠷᠠᠯᠲᠠ ᠦᠭᠡᠢ ᠥᠷᠭᠡᠳᠬᠡᠵᠦ᠂ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠶᠢᠨ ᠲᠠᠢ ᠲᠠᠯ᠎ᠠ ᠶᠢ ᠨᠢ ᠠᠪᠴᠤ | ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠪᠣᠬᠢᠷᠲᠤᠯ ᠦᠭᠡᠢ ᠡᠨᠧᠷᠭᠢ᠂ ᠨᠠᠮ ᠠᠭᠠᠷ ᠤᠨ ᠠᠵᠤ ᠠᠬᠤᠢ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠵᠡᠷᠭᠡ ᠲᠠᠯ᠎ᠠ ᠪᠠᠷ ᠶᠠᠨ ᠴᠢᠩ ᠲᠣᠭᠤᠷᠢᠭ ᠤᠨ | ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ | ᠬᠠᠷᠢᠴᠠᠭᠤᠯᠤᠭᠰᠠᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ᠂ ᠥᠷᠢᠰᠥᠯᠳᠦᠭᠡᠨ ᠤ ᠳᠠᠪᠠᠭᠤᠯᠢᠭ ᠪᠣᠯᠭᠠᠨ | ᠬᠤᠪᠢᠷᠠᠭᠤᠯᠬᠤ ᠬᠡᠷᠡᠭᠲᠡᠢ᠃ ᠬᠠᠮᠵᠢᠯᠴᠠᠬᠤ ᠦᠷ᠎ᠡ ᠪᠦᠲᠦᠭᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠣᠷᠣᠨ | ᠨᠤᠲᠤᠭ ᠤᠨ ᠣᠨᠴᠠᠯᠢᠭ ᠪᠠ ᠳᠠᠪᠠᠭᠤᠯᠢᠭ ᠬᠢᠯᠠᠰ ᠴᠡᠭ ᠲᠠᠢ ᠨᠠᠩ ᠣᠯᠠᠨ ᠲᠥᠷᠥᠯ ᠵᠦᠢᠯ ᠤᠨ ᠠᠵᠤ ᠦᠢᠯᠡᠰ ᠢ ᠪᠣᠶ | ᠪᠣᠯᠭᠠᠵᠤ᠂ ᠨᠢᠭᠡ ᠪᠦᠯᠦᠭ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠬᠠᠮᠵᠢᠯᠴᠠᠬᠤ ᠣᠶᠤᠨ ᠰᠠᠨᠠᠭᠠᠨ ᠤ | ᠲᠤᠷᠰᠢᠯᠭ᠎ᠠ ᠶᠢ ᠡᠮᠬᠢᠯᠡᠨ ᠳ᠋ᠦᠩᠨᠡᠵᠦ᠂ ᠪᠡᠭᠡᠵᠢᠩ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ | ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠡᠶ᠃ | ᠶᠠᠨᠴᠢᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠂ ᠰᠢᠶᠠᠨ ᠤ ᠤᠳᠤᠷᠢᠳᠤᠯᠭ᠎ᠠ ᠯᠢ ᠺᠠᠢ ᠳ᠋ᠦᠩ᠂ ᠵᠤᠤ ᠷᠦᠢ ᠨᠠᠷ ᠣᠷᠣᠯᠴᠠᠪᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |