ᠴᠧᠩ ᠭᠤᠸᠠᠨ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ 2024 ᠣᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ 6 ᠰᠠᠷ᠎ᠠ ᠶᠢᠨ 13᠎ ᠤ ᠡᠳᠦᠷ᠂ ᠴᠧᠩ ᠭᠤᠸᠠᠨ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠵᠢᠴᠢ ᠡᠯ᠎ᠡ ᠲᠣᠰᠬᠤᠨ ᠤ ᠲᠤᠬᠠᠶᠢᠯᠠᠭᠰᠠᠨ ᠠᠵᠢᠯ ᠤᠨ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠤᠯᠠᠭᠠᠨᠴᠠᠪ ᠬᠤᠳᠠ ᠶᠢᠨ 2024 ᠣᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾᠎ ᠢ ᠨᠠᠷᠢᠨ ᠲᠠᠶᠢᠯᠪᠤᠷᠢᠯᠠᠵᠤ᠂ ᠬᠢᠨᠠᠨ ᠬᠡᠮᠵᠢᠬᠦ ᠬᠦᠷᠢᠶ᠎ᠡ ᠬᠡᠪᠴᠢᠶ᠎ᠡ᠂ ᠵᠢᠭᠰᠠᠭᠠᠨ ᠪᠠᠶᠢᠴᠠᠭᠠᠬᠤ ᠠᠭᠤᠯᠭ᠎ᠠ ᠵᠢᠴᠢ ᠵᠠᠩᠭᠢᠯᠠᠭ᠎ᠠ ᠶᠢᠨ ᠴᠠᠭ ᠬᠤᠭᠤᠴᠠᠭ᠎ᠠ ᠵᠡᠷᠭᠡ ᠶᠢ ᠴᠢᠨᠠᠭᠰᠢᠳᠠ ᠲᠣᠳᠣᠷᠬᠠᠶᠢᠯᠠᠬᠤ ᠶᠢᠨ ᠬᠠᠮᠲᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠤ ᠳᠠᠷᠠᠭᠠᠬᠢ ᠦᠨᠡᠯᠡᠨ ᠵᠢᠱᠢᠯᠲᠡ︾᠎ ᠶᠢᠨ ᠬᠠᠮᠢᠶ᠎ᠠ ᠪᠦᠬᠦᠢ ᠮᠡᠳᠡᠯᠭᠡ ᠶᠢ ᠪᠣᠯᠪᠠᠰᠤᠷᠠᠭᠤᠯᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠲᠠᠳ ︽ᠣᠷᠣᠯᠭ᠎ᠠ ᠵᠠᠷᠤᠯᠭ᠎ᠠ ᠶᠢ ᠬᠡᠮᠵᠢᠬᠦ ᠬᠦᠰᠦᠨᠦᠭᠲᠦ ︾᠎ ᠶᠢᠨ ᠲᠠᠭᠯᠠᠨ ᠮᠡᠳᠡᠭᠦᠯᠦᠭᠰᠡᠨ ᠠᠩᠬᠠᠷᠬᠤ ᠵᠦᠢᠯᠡᠰ ᠲᠤ ᠲᠠᠶᠢᠯᠤᠮᠵᠢ ᠬᠢᠵᠡᠢ᠃      ᠬᠤᠷᠠᠯ ᠡᠴᠠ‌‍ᠴᠢᠩᠭᠠᠳᠬᠠᠭᠰᠠᠨ ᠨᠢ᠂ ᠪᠦᠬᠦ ᠪᠠᠯᠭᠠᠰᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠦᠴᠦᠲᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠡᠭᠦᠷᠭᠡ᠂ ᠵᠢᠭᠰᠠᠭᠠᠨ ᠪᠠᠶᠢᠴᠠᠭᠠᠬᠤ ᠠᠭᠤᠯᠭ᠎ᠠ᠂ ᠠᠵᠢᠯ ᠤᠨ ᠴᠠᠭ ᠤᠨ ᠬᠢᠵᠠᠭᠠᠷ ᠪᠣᠯᠤᠨ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠢᠭᠰᠠᠭᠠᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠲᠣᠰᠬᠤᠨ ᠤ ᠠᠷᠠᠳ ᠤᠨ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠡᠶ᠎ᠡ ᠪᠠᠷ ᠢᠶᠠᠨ ᠣᠷᠣᠯᠴᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠠᠵᠢᠯᠲᠠᠳ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠲᠠᠢ ᠨᠢᠭᠲᠠ ᠬᠠᠮᠵᠢᠯᠴᠠᠨ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠳᠤᠭᠤᠶᠢᠯᠠᠩ ᠬᠤᠪᠢᠶᠠᠨ ᠡᠷᠦᠬᠡ ᠳᠠᠷᠠᠭᠠᠯᠠᠨ ᠡᠷᠦᠬᠡ ᠳᠤ ᠣᠷᠣᠵᠤ ᠪᠠᠶᠢᠳᠠᠯ ᠢ ᠤᠶᠢᠯᠠᠭᠠᠨ ᠵᠢᠭᠰᠠᠭᠠᠵᠤ᠂ ︽ᠲᠣᠰᠬᠤᠨ ᠳᠤ ᠡᠷᠦᠬᠡ ᠶᠢ ᠣᠷᠬᠢᠭᠳᠠᠭᠤᠯᠬᠤ ᠥᠬᠡᠶ᠂ ᠡᠷᠦᠬᠡ ᠳᠤ ᠬᠥᠮᠦᠨ ᠢ ᠣᠷᠬᠢᠭᠳᠠᠭᠤᠯᠬᠤ ᠥᠬᠡᠶ︾ ᠪᠠᠶᠢᠬᠤ ᠵᠠᠷᠴᠢᠮ ᠶᠣᠰᠣᠭᠠᠷ᠂ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠵᠠᠷᠤᠯᠭ᠎ᠠ᠂ ᠡᠷᠡᠭᠦᠯ ᠮᠡᠨᠳᠦ ᠶᠢᠨ ᠪᠠᠶᠢᠳᠠᠯ᠂ ᠠᠵᠢᠯ ᠬᠢᠵᠦ ᠠᠵᠢᠯ ᠣᠯᠭᠤᠬᠤ᠂ ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠵᠤ᠂ ᠡᠷᠦᠬᠡ ᠳᠠᠷᠠᠭᠠᠯᠠᠨ ᠬᠥᠮᠦᠨ ᠳᠠᠷᠠᠭᠠᠯᠠᠨ ᠳᠠᠬᠢᠨ ᠶᠠᠳᠠᠭᠤᠷᠠᠬᠤ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠴᠠᠭ ᠲᠤᠬᠠᠶ ᠳᠤᠨᠢ ᠡᠮᠬᠢᠯᠡᠨ ᠵᠠᠳᠠᠯᠵᠤ᠂ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠪᠠᠨ ᠴᠢᠩᠭᠠᠳᠬᠠᠨ᠂ ᠵᠢᠭᠰᠠᠭᠠᠨ ᠪᠠᠶᠢᠴᠠᠭᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠡᠯᠪᠡᠷᠢ ᠶᠢᠨ ᠲᠡᠳᠦᠶ ᠪᠣᠯᠭᠠᠬᠤ ᠥᠬᠡᠶ ᠪᠠᠶᠢᠬᠤ ᠬᠡᠷᠡᠭᠲᠡᠶ᠃ ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠦᠬᠡ ᠳᠤ ᠲᠠᠷᠬᠠᠭᠠᠬᠤ᠂ ᠸᠢᠴᠠᠲ ᠤᠨ ᠬᠤᠯᠪᠣᠭ᠎ᠠ ᠪᠠᠷ ᠳᠠᠮᠵᠢᠭᠤᠯᠤᠨ ᠲᠠᠷᠬᠠᠭᠠᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ᠢ ᠲᠥᠷᠥ ᠶᠢᠨ ᠪᠣᠳᠣᠯᠭ᠎ᠠ ᠪᠠᠷ ᠭᠤᠶᠤᠴᠢᠯᠠᠨ ᠮᠡᠳᠡᠭᠦᠯᠬᠦ ︽ᠲᠣᠳᠣᠷᠬᠠᠶ ᠴᠠᠭᠠᠰᠤ︾᠎ ᠶᠢ ᠪᠣᠶ ᠪᠥᠬᠦᠶ ᠲᠠᠷᠢᠶᠠᠴᠢᠨ ᠡᠷᠦᠬᠡ ᠳᠤ ᠬᠦᠷᠲᠡᠯ᠎ᠡ ᠲᠠᠷᠬᠠᠭᠠᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃      ᠬᠤᠷᠠᠯ ᠠᠴᠠ ᠪᠠᠰᠠ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠴᠢᠬᠤᠯᠠᠴᠢᠯᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3