ᠶᠠᠨᠴᠢᠩ ᠲᠣᠭᠤᠷᠢᠭ ᠤᠨ ᠨᠠᠮ ᠵᠠᠰᠠᠭ ᠤᠨ ᠤᠳᠤᠷᠢᠳᠤᠯᠭ᠎ᠠ ᠮᠠᠨ ᠤ ᠰᠢᠶᠠᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2024/6/17
  6 ᠰᠠᠷ᠎ᠠ ᠶᠢᠨ 14 ᠤ ᠡᠳᠦᠷ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠶᠧ ᠳ᠋ᠠ ᠬᠤᠸᠠ ᠨᠠᠷ ᠮᠠᠨ ᠤ ᠰᠢᠶᠠᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠵᠤ᠂ ᠬᠤᠳᠠ ᠶᠢᠨ ᠤᠳᠤᠷᠢᠳᠤᠯᠭ᠎ᠠ ᠸᠠᠩ ᠴᠠᠩ ᠰᠦᠩ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃    ᠶᠧ ᠳ᠋ᠠ ᠬᠤᠸᠠ ᠨᠠᠷ ᠤᠷᠢᠳ ᠬᠤᠵᠢᠳ ᠡᠷᠳᠡᠨᠢ ᠪᠠᠯᠭᠠᠰᠤᠨ ᠤ ᠳ᠋ᠠ ᠫᠦᠸᠧ ᠳ᠋ᠢ ᠲᠣᠰᠬᠤᠨ ᠤ ᠪᠤᠩᠬᠤᠨ ᠲᠣᠰᠬᠤᠨ ᠪᠣᠯᠤᠨ ᠬᠠᠢ ᠲᠠᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠤᠰᠤᠲᠤᠯ ᠤᠨ ᠯᠢ ᠬᠠᠢ ᠶᠢᠨ ︽ᠪᠠᠢ ᠮᠧᠢ ᠠᠶᠢᠯ ᠲᠣᠰᠬᠤᠨ︾ ᠤ ᠲᠦᠷᠦᠯ ᠵᠦᠢᠯ᠂ 1GW ᠶᠢᠨ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠪᠣᠯᠤᠨ 1GW ᠶᠢᠨ ᠭᠡᠷᠡᠯ ᠴᠡᠨᠡᠭ ᠤᠨ ᠲᠤᠯᠭᠠᠭᠤᠷᠢ ᠶᠢᠨ ᠲᠦᠷᠦᠯ ᠵᠦᠢᠯ ᠢ ᠪᠠᠶᠢᠴᠠᠭᠠᠨ ᠦᠵᠡᠭᠰᠡᠨ ᠪᠥᠭᠡᠳ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠲᠣᠬᠤᠨᠢᠭᠤᠯᠵᠤ᠂ ᠰᠢᠩ ᠡᡁᠧ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭ᠎ᠠ ᠠᠪᠬᠤ ᠠᠯᠪᠠᠨ ᠭᠡᠷ ᠲᠤ ᠬᠦᠷᠴᠦ ︽ᠤᠮᠠᠷᠠᠲᠤ ᠶᠢᠨ ᠰᠡᠳᠬᠢᠯ ᠵᠢᠷᠦᠬᠡ ᠪᠠᠨ ᠬᠤᠯᠪᠣᠭᠰᠠᠨ ᠬᠥᠭᠦᠷᠭᠡ - ᠰᠢᠩ ᠡᡁᠧ ᠰᠢᠶᠠᠨ ᠤ ᠲᠥᠯᠥᠭᠡᠯᠡᠭᠴᠢ ᠭᠡᠰᠢᠭᠦᠨ ᠤ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠤᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠳᠠᠷᠠᠭ᠎ᠠ ᠨᠢ ᠬᠠᠮᠲᠤᠷᠠᠭᠰᠠᠨ ᠬᠤᠷᠠᠯ ᠬᠤᠷᠠᠯᠳᠤᠭᠤᠯᠪᠠ᠃    ᠬᠠᠮᠲᠤᠷᠠᠭᠰᠠᠨ ᠬᠤᠷᠠᠯ ᠳᠡᠭᠡᠷ᠎ᠡ᠂ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠳ᠋ᠢᠩ ᠵᠠᠩ ᠴᠦᠨ ᠪᠣᠯᠤᠨ ᠰᠢᠩ ᠾᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠹᠦ᠋ ᠬᠠᠢ ᠶᠠᠨ ᠲᠤᠰ ᠲᠤᠰ ᠥᠪᠡᠷ ᠥᠪᠡᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠭᠰᠡᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠤᠭᠰᠠᠨ ᠪᠠᠶᠢᠳᠠᠯ᠂ ᠶᠠᠨ ᠰᠢᠩ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠪᠠᠶᠢᠳᠠᠯ ᠢ ᠲᠠᠨᠢᠯᠴᠠᠭᠤᠯᠤᠭᠰᠠᠨ ᠪᠥᠭᠡᠳ ︽2024 ᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠡᠯᠡᠯᠴᠡᠭᠡᠷ︾ ᠲᠤ ᠭᠠᠷ ᠤᠨ ᠦᠰᠦᠭ ᠵᠢᠷᠤᠪᠠ᠃    ᠶᠧ ᠳ᠋ᠠ ᠬᠤᠸᠠ ᠰᠢᠩ ᠾᠧ ᠰᠢᠶᠠᠨ ᠤ ᠤᠢᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠣᠯᠤᠭᠰᠠᠨ ᠰᠢᠨ᠎ᠡ ᠠᠮᠵᠢᠯᠲᠠ ᠰᠢᠨ᠎ᠡ ᠬᠥᠭᠵᠢᠯᠲᠡ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠬᠢᠨᠠᠨ ᠰᠢᠯᠭᠠᠵᠤ ᠦᠨᠡᠯᠡᠨ ᠵᠢᠱᠢᠬᠦ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠳᠤ ᠪᠠᠶᠠᠷ ᠬᠦᠷᠭᠡᠪᠡ᠃ ᠲᠡᠷᠡ᠂ ᠬᠤᠶᠠᠷ ᠭᠠᠵᠠᠷ ᠤᠨ ᠬᠢᠨ ᠦᠷᠭᠦᠯᠵᠢᠯᠡᠨ ︽ᠬᠤᠷᠢᠭ᠎ᠠ ᠱᠤᠭᠤᠮ ᠢ ᠰᠠᠬᠢᠬᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠬᠠᠷᠠᠯᠲᠠ ᠶᠢᠨ ᠲᠣᠭᠤᠷᠢᠨ ᠳᠤ᠂ ᠬᠠᠮᠵᠢᠯᠴᠠᠬᠤ ᠬᠦᠷᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠠᠮᠲᠤᠪᠠᠷ ᠴᠢᠨᠡᠭᠡᠯᠢᠭᠵᠢᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠦᠴᠦ ᠪᠠᠨ ᠬᠠᠮᠲᠤᠳᠬᠠᠨ ᠬᠥᠭᠵᠢᠭᠦᠯᠵᠦ ᠲᠠᠬᠢᠨ ᠰᠢᠨ᠎ᠡ ᠦᠨᠳᠦᠷᠴᠡ ᠳᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠵᠤ᠂ ᠰᠣᠶᠣᠯ ᠵᠤᠭᠠᠴᠠᠯ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠳᠡᠭᠡ ᠠᠵᠤ ᠠᠬᠤᠢ ᠬᠥᠳᠡᠭᠡ ᠲᠣᠰᠬᠤᠨ ᠵᠡᠷᠭᠡ ᠲᠠᠯ᠎ᠠ ᠶᠢᠨ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠵᠢᠯ ᠤᠨ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠬᠠᠮᠵᠢᠯᠴᠠᠬᠤ ᠦᠯᠢᠭᠡᠷ ᠢ ᠰᠠᠶᠢᠲᠤᠷ ᠶᠠᠷᠢᠵᠤ᠂ ᠬᠠᠮᠵᠢᠯᠴᠠᠬᠤ ᠦᠷ᠎ᠡ ᠪᠦᠲᠦᠭᠡᠯ ᠢᠶᠠᠨ ᠢᠯᠡᠷᠡᠭᠦᠯᠬᠦ ᠬᠡᠷᠡᠭᠲᠡᠢ᠃ ᠲᠡᠷᠡ᠂ ᠶᠠᠨ ᠴᠢᠩ ᠲᠣᠭᠤᠷᠢᠭ ᠤᠨ ᠬᠢᠨ ᠰᠢᠩ ᠾᠧ ᠰᠢᠶᠠᠨ ᠲᠠᠢ ᠨᠡᠩ ᠤᠯᠠᠨ ᠬᠦᠷᠢᠶᠡᠨ ᠳᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷ ᠬᠤᠯᠪᠣᠨ ᠵᠡᠷᠭᠡᠪᠡᠷ ᠤᠷᠤᠭᠰᠢᠯᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ᠂ ᠬᠠᠮᠲᠤᠷᠠᠯᠴᠠᠭ᠎ᠠ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ ᠭᠡᠵᠦ ᠢᠯᠡᠳᠬᠡᠪᠡ᠃    ᠸᠠᠩ ᠬᠤᠢ ᠢᠦᠢ ᠶᠠᠨᠴᠢᠩ ᠲᠣᠭᠤᠷᠢᠭ ᠤᠨ ᠤᠷᠳᠤ ᠬᠤᠭᠤᠴᠠᠭᠠᠨ ᠤ ᠲᠤᠷᠰᠢ ᠰᠢᠩ ᠾᠧ ᠰᠢᠶᠠᠨ ᠳᠤ ᠦᠵᠡᠭᠦᠯᠦᠭᠰᠡᠨ ᠬᠠᠯᠠᠮᠵᠢᠯᠠᠯ᠂ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠰᠢᠩ ᠾᠧ ᠰᠢᠶᠠᠨ ᠲᠣᠭᠲᠠᠭᠰᠠᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠡᠯᠡ ᠮᠥᠩᠭᠦ ᠶᠢ ᠬᠡᠷᠡᠭᠯᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠦᠷᠦᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠵᠤ᠂ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢ ᠢᠯᠡ ᠪᠥᠭᠡᠳ ᠪᠦᠲᠦᠮᠵᠢᠲᠡᠢ ᠦᠷᠭᠦᠯᠵᠢᠯᠡᠭᠦᠯᠦᠨ᠎ᠡ᠃ ᠬᠠᠮᠵᠢᠯᠴᠠᠭᠠᠨ ᠤ ᠥᠷᠭᠡᠴᠡ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠪᠣᠬᠢᠷᠲᠤᠯ ᠦᠭᠡᠢ ᠡᠨᠧᠷᠭᠢ᠂ ᠨᠠᠮ ᠠᠭᠠᠷ ᠤᠨ ᠠᠵᠤ ᠠᠬᠤᠢ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠵᠡᠷᠭᠡ ᠲᠠᠯ᠎ᠠ ᠪᠠᠷ ᠶᠠᠨ ᠴᠢᠩ ᠲᠣᠭᠤᠷᠢᠭ ᠤᠨ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠬᠠᠷᠢᠴᠠᠭᠤᠯᠤᠭᠰᠠᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ᠂ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠬᠠᠮᠵᠢᠯᠴᠠᠬᠤ ᠦᠷ᠎ᠡ ᠪᠦᠲᠦᠭᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠣᠷᠣᠨ ᠨᠤᠲᠤᠭ ᠤᠨ ᠣᠨᠴᠠᠯᠢᠭ ᠪᠠ ᠳᠠᠪᠠᠭᠤᠯᠢᠭ ᠬᠢᠯᠠᠰ ᠴᠡᠭ ᠲᠠᠢ ᠨᠠᠩ ᠣᠯᠠᠨ ᠲᠥᠷᠥᠯ ᠵᠦᠢᠯ ᠤᠨ ᠠᠵᠤ ᠦᠢᠯᠡᠰ ᠢ ᠪᠣᠶ ᠪᠣᠯᠭᠠᠵᠤ᠂ ᠨᠢᠭᠡ ᠪᠦᠯᠦᠭ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠬᠠᠮᠵᠢᠯᠴᠠᠬᠤ ᠣᠶᠤᠨ ᠰᠠᠨᠠᠭᠠᠨ ᠤ ᠲᠤᠷᠰᠢᠯᠭ᠎ᠠ ᠶᠢ ᠡᠮᠬᠢᠯᠡᠨ ᠳ᠋ᠦᠩᠨᠡᠵᠦ᠂ ᠪᠡᠭᠡᠵᠢᠩ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠡᠶ᠃    ᠶᠠᠨᠴᠢᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠢᠶᠠᠨ ᠤ ᠤᠳᠤᠷᠢᠳᠤᠯᠭ᠎ᠠ ᠯᠢ ᠺᠠᠢ ᠳ᠋ᠦᠩ᠂ ᠵᠤᠤ ᠷᠦᠢ ᠨᠠᠷ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3