ᠸᠠᠩ ᠬᠤᠢ ᠢᠦᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/18
     6 ᠰᠠᠷ᠎ᠠ ᠶᠢᠨ 12᠎ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠡᠷᠳᠡᠨᠢ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠧᠦ ᠷᠦᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠼᠤᠤ ᠾᠦᠤᠤ ᠺᠸᠦ ᠲᠣᠰᠬᠤᠨ ᠤ ᠠᠷᠠᠳ ᠤᠨ ᠵᠥᠪᠯᠡᠯ ᠳᠤ᠂ ᠸᠠᠩ ᠬᠤᠢ ᠢᠦᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠠᠷᠠᠳ ᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠲᠡᠷᠡ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠲᠣᠰᠬᠤᠨ ᠤ ᠠᠷᠠᠳ ᠤᠨ ᠠᠵᠤ ᠦᠢᠯᠡᠰ ᠢ ᠬᠥᠭᠵᠢᠭᠦᠯᠬᠦ ᠂ ᠲᠣᠰᠬᠤᠨ ᠤ ᠠᠷᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠠᠵᠤ ᠦᠢᠯᠡᠰ ᠤᠨ ᠬᠥᠭᠵᠢᠯ ᠪᠠᠳᠠᠷᠠᠯ᠂ ᠲᠠᠷᠢᠶᠠᠴᠢᠳ ᠢ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠰᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠠᠯᠭᠠᠰᠤ ᠲᠣᠰᠬᠤᠨ ᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠢᠢᠷ᠎ᠠ ᠶᠢᠨ ᠬᠤᠭᠤᠴᠠᠭᠠᠨ ᠳᠤ ᠤᠰᠤᠨ ᠤ ᠪᠠᠶᠢᠳᠠᠯ᠂ ᠭᠤᠣᠯ ᠤᠨ ᠵᠠᠮ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠶᠤᠯ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠪᠣᠯᠤᠨ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠦᠶᠡᠷ ᠢ ᠪᠡᠯᠡᠳᠬᠡᠬᠦ ᠵᠢᠴᠢ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠰᠠᠶᠢᠲᠤᠷ ᠬᠠᠮᠠᠭᠠᠯᠠᠬᠤ ᠬᠡᠷᠡᠭᠲᠡᠢ᠃      ᠶᠠᠷᠢᠯᠴᠠᠬᠤ ᠬᠤᠷᠠᠯ ᠳᠡᠭᠡᠷ᠎ᠡ ᠸᠠᠩ ᠬᠤᠢ ᠢᠦᠢ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠢ ᠭᠦᠨᠵᠡᠭᠡᠢ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠬᠢᠵᠦ ᠦᠷ᠎ᠡ ᠪᠦᠲᠦᠮᠵᠢ ᠤᠯᠬᠤ ᠶᠢ ᠠᠬᠢᠭᠤᠯᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠨ ᠢᠶᠠᠨ ᠬᠥᠮᠦᠵᠢᠭᠦᠯᠬᠦ ᠶᠢ ᠴᠢᠬᠤᠯᠠᠴᠢᠯᠠᠵᠤ᠂ ᠬᠡᠷᠡᠭ ᠢᠶᠠᠷ ᠰᠡᠷᠡᠮᠵᠢᠯᠡᠭᠦᠯᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠦᠨᠡᠨᠬᠦ ᠤᠢᠢᠯᠠᠭᠠᠭᠤᠯᠬᠤ ᠬᠡᠷᠡᠭᠲᠡᠢ᠃ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠣᠯᠤᠨ ᠠᠵᠢᠯ ᠤᠨ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠬᠠᠰᠤᠬᠤ ᠶᠣᠰᠣᠲᠠᠢ ᠶᠢ ᠨᠢ ᠪᠦᠬᠦᠨ ᠢ ᠪᠠᠭᠠᠰᠬᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠲᠠᠳ ᠢ ᠨᠡᠩ ᠤᠯᠠᠨ ᠴᠠᠭ ᠪᠣᠯᠤᠨ ᠤᠶᠤᠨ ᠴᠢᠳᠠᠯ ᠢᠶᠠᠨ ᠭᠠᠷᠭᠠᠵᠤ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3