ᠰᠢᠩ ᠾᠧ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠢᠦᠶ ᠹᠧᠩ ᠠᠵᠢᠯᠯᠠᠭ᠎ᠠ︾᠎ ᠶᠢᠨ ᠲᠤᠷᠰᠢᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠥᠷᠢᠰᠥᠯᠳᠦᠭᠡᠨ ᠤ ᠴᠢᠨᠠᠷᠲᠠᠶ ᠬᠠᠷᠢᠴᠠᠯᠲᠤ ᠰᠣᠩᠭᠤᠭᠤᠯᠢ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/6/18
     ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︿ᠮᠢᠩᠭᠠᠨ ᠰᠢᠶᠠᠩ ᠲᠦᠮᠡᠨ ᠲᠣᠰᠬᠤᠨ ᠢᠦᠢ ᠹᠧᠩ ᠠᠵᠢᠯᠯᠠᠭ᠎ᠠ﹀᠎ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠢᠩᠭᠠᠨ ᠰᠢᠶᠠᠩ ︵ᠰᠤᠮᠤ︶᠎ ᠤᠨ ᠲᠦᠮᠡᠨ ᠲᠣᠰᠬᠤᠨ ︵ᠭᠠᠴᠠᠭ᠎ᠠ︶᠎ ᠤ ᠢᠦᠢ ᠹᠧᠩ ᠠᠵᠢᠯᠯᠠᠭ᠎ᠠ﹀᠎ ᠶᠢ ᠬᠡᠷᠡᠭᠵᠢᠭᠦᠯᠬᠦ ᠲᠥᠰᠦᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︿ᠪᠥᠬᠦ ᠣᠷᠣᠨ ᠤ ︿ᠮᠢᠩᠭᠠᠨ ᠰᠢᠶᠠᠩ ︵ᠰᠤᠮᠤ︶᠎ ᠤᠨ ᠲᠦᠮᠡᠨ ᠲᠣᠰᠬᠤᠨ ︵ᠭᠠᠴᠠᠭ᠎ᠠ︶᠎ ᠤᠨ ᠢᠦᠢ ᠹᠧᠩ ᠠᠵᠢᠯᠯᠠᠭ᠎ᠠ﹀᠎ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ︵ᠥᠪᠥᠷ ᠡᠨᠧᠷᠭᠢ ᠶᠢᠨ ᠰᠢᠨ᠎ᠡ ᠡᠨᠧᠷᠭᠢ ﹇2020﹈ 381 ᠳ᠋ᠦᠭᠡᠷ ᠲᠣᠭᠠᠲᠤ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠭᠤᠷᠪᠠᠳᠠᠬᠢ ᠡᠲᠡᠭᠡᠳ ᠤᠨ ᠠᠰᠠᠭᠤᠨ ᠯᠠᠪᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠰᠢᠩ ᠾᠧ ᠰᠢᠶᠠᠨ ᠤ ︽ᠮᠢᠩᠭᠠᠨ ᠰᠤᠮᠤ ᠲᠦᠮᠡᠨ ᠲᠣᠰᠬᠤᠨ ᠤ ᠢᠦᠶ ᠹᠧᠩ ᠠᠵᠢᠯᠯᠠᠭ᠎ᠠ︾᠎ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠢᠯᠡ ᠪᠠᠷ ᠥᠷᠢᠰᠥᠯᠳᠦᠬᠦ ᠴᠢᠨᠠᠷᠲᠠᠶ ᠠᠳᠠᠯᠢᠳᠬᠠᠯ ᠬᠢᠵᠦ᠂ ᠬᠢᠷᠢ ᠬᠡᠮ ᠲᠠᠢ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠶᠢ ᠪᠠᠶᠠᠷᠯᠠᠨ ᠤᠭᠲᠤᠨ᠎ᠠ᠃      ᠨᠢᠭᠡ᠂ ᠦᠨᠳᠦᠰᠦᠨ ᠪᠠᠶᠢᠳᠠᠯ      ︵ᠨᠢᠭᠡ︶ ᠥᠷᠢᠰᠥᠯᠳᠦᠭᠡᠨ ᠤ ᠴᠢᠨᠠᠷᠲᠠᠶ ᠬᠠᠷᠢᠴᠠᠯ᠄ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ      ︵ᠬᠤᠶᠠᠷ︶ ᠥᠷᠢᠰᠦᠯᠳᠦᠭᠡᠨ ᠤ ᠴᠢᠨᠠᠷᠲᠠᠢ ᠠᠳᠠᠯᠢᠳᠭᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ᠄ ᠥᠪᠥᠷ ᠣᠩᠭᠤᠯ ᠤᠨ ᠯᠢᠦᠢ ᠨᠧᠩ  ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ︵ᠭᠤᠷᠪᠠ︶ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠭᠤᠯᠭ᠎ᠠ᠄ 1 ᠠᠵᠤ ᠠᠬᠤᠶᠢᠯᠠᠯ ᠢ ︽ᠰᠢᠩ ᠾᠧ ᠰᠢᠶᠠᠨ ᠤ ᠮᠢᠩᠭᠠᠨ ᠰᠢᠶᠠᠩ ᠲᠦᠮᠡᠨ ᠲᠣᠰᠬᠤᠨ ᠤ ᠢᠦᠶ ᠹᠧᠩ ᠠᠵᠢᠯᠯᠠᠭ᠎ᠠ︾᠎ ᠶᠢᠨ ᠲᠤᠷᠰᠢᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠪᠣᠯᠤᠨ᠎ᠠ᠃      ᠬᠤᠶᠠᠷ᠂ ᠲᠥᠷᠥᠯ ᠵᠦᠢᠯ ᠤᠨ ᠲᠣᠪᠴᠢ ᠲᠠᠨᠢᠯᠴᠠᠭᠤᠯᠭ᠎ᠠ      ︵ᠨᠢᠭᠡ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ᠄ ᠰᠢᠩ ᠾᠧ ᠰᠢᠶᠠᠨ ᠤ ᠬᠢᠯᠢ ᠳᠣᠲᠣᠷ᠎ᠠ᠃      ︵ᠬᠤᠶᠠᠷ︶ ᠲᠥᠷᠥᠯ ᠵᠦᠢᠯ ᠢ ᠵᠠᠯᠭᠠᠨ ᠣᠷᠣᠭᠤᠯᠬᠤ᠄ ᠪᠡᠯᠡ ᠣᠷᠣᠭᠤᠯᠤᠯᠲᠠ ᠶᠢᠨ ᠭᠤᠤᠯ ᠴᠣᠭᠴᠠ ᠠᠴᠠ ᠵᠠᠯᠭᠠᠨ ᠣᠷᠣᠭᠤᠯᠬᠤ ᠨᠥᠬᠦᠴᠡᠯ ᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃      ︵ᠭᠤᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠶᠡᠷᠦᠩᠬᠡᠢ ᠬᠡᠪᠴᠢᠶ᠎ᠡ ᠨᠢ 50 ᠰᠠᠶ᠎ᠠ ᠸᠠᠲ᠃      ᠭᠤᠷᠪᠠ᠂ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠴᠤᠪᠤᠷᠠᠯ      ᠥᠷᠢᠰᠦᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠯᠪᠠᠨ ᠵᠠᠷ ᠭᠤᠶᠤᠴᠢᠯᠠᠨ ᠠᠪᠬᠤ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠲᠤᠰᠢᠶᠠᠭᠰᠠᠨ ᠮᠡᠳᠡᠭᠦᠯᠬᠦ ᠮᠠᠲ᠋ᠧᠷᠢᠶᠠᠯ ᠥᠷᠢᠰᠥᠯᠳᠦᠬᠦ ᠴᠢᠨᠠᠷᠲᠠᠶ ᠠᠳᠠᠯᠢᠳᠬᠠᠨ ᠰᠣᠩᠭᠤᠭᠰᠠᠨ ᠦᠷ᠎ᠡ ᠳ᠋ᠦᠩ ᠢ ᠨᠡᠶᠢᠲᠡ ᠳᠤ ᠵᠠᠷᠯᠠᠨ᠎ᠠ᠃      ︵ᠨᠢᠭᠡ︶ ᠥᠷᠢᠰᠦᠯᠳᠦᠭᠡᠨ ᠤ ᠴᠢᠨᠠᠷᠲᠠᠢ ᠬᠠᠷᠢᠴᠠᠯ ᠢᠶᠠᠷ ᠰᠣᠩᠭᠤᠬᠤ ᠠᠯᠪᠠᠨ ᠵᠠᠷ ᠢ ᠨᠡᠢᠲᠡᠯᠡᠬᠦ      ᠱᠢᠩ ᠾᠧ ᠱᠢᠶᠠᠨ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠤ ᠲᠠᠯ᠎ᠠ ᠶᠢᠨ ᠰᠦᠯᠵᠢᠶ᠎ᠡ ᠥᠷᠢᠰᠦᠯᠳᠦᠭᠡᠨ ᠤ ᠴᠢᠨᠠᠷᠲᠠᠢ ᠬᠠᠷᠢᠴᠠᠯ ᠢ ᠰᠣᠩᠭᠤᠬᠤ ᠠᠯᠪᠠᠨ ᠵᠠᠷ  ᠨᠡᠶᠢᠲᠡᠯᠡᠪᠡ᠃       ︵ᠬᠤᠶᠠᠷ︶ ᠠᠵᠦ ᠠᠬᠤᠶᠢᠯᠠᠯ ᠤᠨ ᠦᠷᠢᠰᠦᠯᠳᠦᠬᠦ ᠴᠢᠨᠠᠷᠲᠠᠢ ᠠᠳᠠᠯᠢᠳᠬᠠᠬᠤ ᠪᠢᠴᠢᠭ ᠮᠠᠲ᠋ᠧᠷᠢᠶᠠᠯ ᠭᠤᠶᠤᠴᠢᠯᠠᠨ ᠠᠪᠬᠤ      ᠮᠡᠳᠡᠭᠦᠯᠬᠦ ᠰᠠᠨᠠᠮᠵᠢ ᠲᠠᠢ ᠠᠵᠤ ᠠᠬᠤᠶᠢᠯᠠᠯ ᠨᠢ ᠭᠤᠶᠤᠴᠢᠯᠠᠨ ᠠᠪᠬᠤ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠠᠰᠠᠭᠤᠨ ᠯᠠᠪᠯᠠᠬᠤ ᠦᠢᠯᠡᠴᠢᠯᠡᠭᠡᠨ ᠤ ᠪᠠᠶᠢᠭᠤᠯᠤᠮᠵᠢ ᠪᠠᠷ ᠬᠢᠨᠠᠨ ᠬᠠᠷᠭᠤᠭᠤᠯᠵᠤ ᠨᠤᠲᠠᠯᠠᠭᠤᠯᠤᠭᠰᠠᠨ ᠤ ᠳᠠᠷᠠᠭ᠎ᠠ᠂ ᠰᠢᠦᠳᠠᠨ ᠤ ᠵᠦᠢᠯ ᠤᠨ ᠠᠷᠭ᠎ᠠ ᠮᠠᠶ᠋ᠢᠭ ᠢᠶᠠᠷ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢᠶᠠᠨ ᠠᠵᠤ ᠠᠬᠤᠶᠢᠯᠠᠯ ᠳᠤ ᠢᠯᠡᠭᠡᠨ᠎ᠡ᠃      ︵ᠭᠤᠷᠪᠠ︶ ᠭᠤᠶᠤᠴᠢᠯᠠᠨ ᠮᠡᠳᠡᠬᠦᠯᠬᠦ ᠮᠠᠲ᠋ᠧᠷᠢᠶᠠᠯ     ᠮᠡᠳᠡᠭᠦᠯᠬᠦ ᠠᠵᠤ ᠠᠬᠤᠶᠢᠯᠠᠯ ᠤᠳ ᠥᠷᠢᠰᠥᠯᠳᠦᠬᠦ ᠴᠢᠨᠠᠷᠲᠠᠶ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠮᠡᠳᠡᠭᠦᠯᠬᠦ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠬᠤ ᠱᠠᠭᠠᠷᠳᠠᠯᠭ᠎ᠠ ᠶᠣᠰᠣᠭᠠᠷ᠂ ᠵᠢᠭᠠᠨ ᠲᠣᠭᠲᠠᠭᠠᠭᠰᠠᠨ ᠭᠠᠵᠠᠷ ᠪᠠ ᠵᠢᠭᠠᠨ ᠲᠣᠭᠲᠠᠭᠠᠭᠰᠠᠨ ᠴᠠᠭ ᠤᠨ ᠬᠡᠪᠴᠢᠶᠡᠨ ᠳᠣᠲᠣᠷ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠵᠤ᠂ ᠬᠤᠭᠤᠴᠠᠭ᠎ᠠ ᠥᠩᠭᠡᠷᠡᠲᠡᠯ᠎ᠡ ᠬᠦᠯᠢᠶᠡᠬᠦ ᠦᠭᠡᠶ᠃      ︵ᠲᠦᠷᠪᠡ︶ ᠦᠷᠢᠰᠦᠯᠳᠦᠭᠡᠨ ᠤ ᠴᠢᠨᠠᠷᠲᠠᠢ ᠬᠠᠷᠢᠴᠠᠯᠲᠦ ᠰᠤᠩᠭᠤᠯᠲᠠ ᠶᠢᠨ ᠰᠢᠯᠭᠠᠷᠠᠭᠤᠯᠤᠯᠲᠠ      ᠠᠰᠠᠭᠤᠨ ᠯᠠᠪᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠲᠤᠰᠢᠶᠠᠭᠰᠠᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠳᠤ ᠨᠡᠶᠢᠴᠡᠭᠰᠡᠨ ᠴᠢᠨᠠᠷᠲᠠᠶ ᠬᠢᠨᠠᠨ ᠪᠠᠶᠢᠴᠠᠭᠠᠯᠲᠠ ᠪᠠ ᠨᠠᠷᠢᠨ ᠨᠢᠮᠪᠠᠶ ᠬᠢᠨᠠᠨ ᠲᠣᠭᠲᠠᠭᠠᠯᠲᠠ ᠬᠢᠵᠦ᠂ ᠲᠥᠷᠥᠯ ᠵᠦᠢᠯ ᠤᠨ ᠵᠦᠢᠯ ᠬᠤᠪᠢᠶᠠᠭᠰᠠᠨ ᠬᠤᠪᠢ ᠶᠢᠨ ᠨᠡᠶᠢᠯᠡᠪᠦᠷᠢ ᠶᠢ ᠦᠨᠳᠦᠰᠦᠯᠡᠨ ᠶᠡᠷᠦᠩᠬᠡᠶᠢᠯᠡᠭᠰᠡᠨ ᠬᠤᠪᠢ ᠣᠯᠵᠤ᠂ ᠶᠡᠷᠦᠩᠬᠡᠶᠢᠯᠡᠭᠰᠡᠨ ᠣᠯᠤᠭᠰᠠᠨ ᠬᠤᠪᠢ ᠶᠢᠨ ᠥᠨᠳᠥᠷ ᠪᠣᠭᠤᠳᠠᠯ ᠶᠣᠰᠣᠭᠠᠷ ᠲᠠᠰ ᠳᠠᠷᠠᠭᠠᠯᠠᠨ ᠵᠢᠭᠰᠠᠭᠠᠪᠠ᠃      ︵ᠲᠠᠪᠤ︶ ᠥᠷᠢᠰᠦᠯᠳᠦᠭᠡᠨ ᠤ ᠴᠢᠨᠠᠷᠲᠠᠢ ᠬᠠᠷᠢᠴᠠᠯ ᠢᠶᠠᠷ ᠰᠣᠩᠭᠤᠬᠤ ᠦᠷ᠎ᠡ ᠳ᠋ᠦᠩ ᠢ ᠢᠯᠡ  ᠨᠡᠶᠢᠲᠡᠯᠡᠬᠦ      ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠢᠯᠭᠠᠷᠠᠭᠤᠯᠵᠤ ᠬᠢᠨᠠᠨ ᠲᠣᠭᠲᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠵᠢᠱᠢᠭᠳᠡᠭᠴᠢ ᠶᠢᠨ ᠠᠵᠤ ᠠᠬᠤᠶᠢᠯᠠᠯ ᠤᠨ ᠨᠡᠷᠡᠰ ᠢ ᠨᠡᠶᠢᠭᠡᠮ ᠳᠤ ᠵᠠᠷᠯᠠᠨ ᠨᠡᠶᠢᠲᠡᠯᠡᠵᠦ᠂ 1 ᠡᠳᠦᠷ ᠤᠨ ᠬᠤᠭᠤᠴᠠᠭ᠎ᠠ ᠲᠠᠢ ᠵᠠᠷᠯᠠᠨ ᠨᠡᠶᠢᠲᠡᠯᠡᠨ᠎ᠡ᠃      ᠳᠥᠷᠪᠡ᠂ ᠠᠵᠤ ᠠᠬᠤᠶᠢᠯᠠᠯ ᠤᠨ ᠬᠢᠷᠢ ᠬᠡᠮ ᠤᠨ ᠱᠠᠭᠠᠷᠳᠠᠯᠭ᠎ᠠ      ︵ᠨᠢᠭᠡ︶ ᠮᠡᠳᠡᠭᠦᠯᠬᠦ ᠭᠤᠣᠯ ᠴᠣᠭᠴᠠ      1. ᠮᠡᠳᠡᠭᠦᠯᠦᠭᠰᠡᠨ ᠠᠵᠤ ᠠᠬᠤᠶᠢᠯᠠᠯ ᠨᠢ ᠡᠷᠬᠡᠪᠱᠢ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠬᠠᠤᠯᠢ ᠶᠣᠰᠣᠭᠠᠷ ᠳᠠᠩᠰᠠᠯᠠᠭᠤᠯᠬᠤ ᠬᠡᠷᠡᠭᠲᠡᠢ ᠠᠵᠤ  ᠠᠬᠤᠶᠢᠯᠠᠯ ᠤᠨ ᠬᠠᠤᠯᠢ ᠶᠢᠨ ᠬᠥᠮᠦᠨ  ᠪᠠᠶᠢᠬᠤ ᠬᠡᠷᠡᠭᠲᠡᠢ      2. ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠳᠤ ᠬᠡᠷᠪᠡ ᠪᠦᠯᠦᠭᠯᠡᠯ ᠤᠨ ᠬᠤᠪᠢᠶᠠᠷᠢ ᠺᠣᠮᠫᠠᠨᠢ ︵ᠲᠤᠰᠠᠭᠠᠷ ᠪᠤᠰᠤ ᠬᠠᠤᠯᠢ ᠶᠢᠨ ᠡᠷᠬᠡᠲᠡᠨ︶ ᠭᠤᠶᠤᠴᠢᠯᠠᠨ ᠮᠡᠳᠡᠭᠦᠯᠬᠦ ᠳᠤ ᠣᠷᠣᠯᠴᠠᠵᠤ᠂ ᠲᠡᠭᠦᠨ ᠤ ᠳᠡᠭᠡᠳᠦ ᠱᠠᠲᠤᠨ ᠤ ᠶᠡᠷᠦᠩᠬᠡᠶ ᠺᠣᠮᠫᠠᠨᠢ ︵ᠪᠦᠯᠦᠭᠯᠡᠯ ᠺᠣᠮᠫᠠᠨᠢ︶᠎ ᠶᠢᠨ ᠲᠣᠰ ᠲᠥᠷᠥᠯ ᠵᠦᠢᠯ ᠳᠤ ᠴᠢᠭᠯᠡᠭᠦᠯᠦᠭᠰᠡᠨ ᠡᠷᠬᠡ ᠣᠯᠭᠤᠭᠰᠠᠨ ᠪᠢᠴᠢᠭ ᠮᠠᠲ᠋ᠧᠷᠢᠶᠠᠯ ᠢ ᠤᠯᠬᠤ ᠪᠥᠭᠡᠳ ᠬᠠᠩᠭᠠᠬᠤ ᠬᠡᠷᠡᠭᠲᠡᠶ᠃      3. ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠮᠡᠳᠡᠭᠦᠯᠦᠯᠲᠡ ᠶᠢ ᠬᠦᠯᠢᠶᠡᠬᠦ ᠥᠬᠡᠶ᠃      ︵ᠬᠤᠶᠠᠷ︶ ᠢᠲᠡᠭᠡᠮᠵᠢ ᠶᠢᠨ ᠱᠠᠭᠠᠷᠳᠠᠯᠭ᠎ᠠ      1. ︽ᠢᠲᠡᠭᠡᠮᠵᠢᠲᠦ ᠳᠤᠮᠳᠠᠳᠤ ᠤᠯᠤᠰ︾ ︵http://www.creditchina.gov.cn/︶᠎ ᠢ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠭᠤᠤᠯ ᠴᠣᠭᠴᠠ ᠶᠢᠨ ᠨᠡᠷᠡᠰ ᠲᠤ ᠣᠷᠣᠭᠤᠯᠤᠭᠰᠠᠨ ᠥᠬᠡᠶ︔      2. ︽ᠳᠤᠮᠳᠠᠳᠤ ᠤᠯᠤᠰ ᠤᠨ ᠬᠡᠷᠡᠭᠵᠢᠭᠦᠯᠬᠦ ᠮᠡᠳᠡᠭᠡ ᠵᠠᠩᠭᠢ ᠶᠢᠨ ᠢᠯᠡ ᠰᠦᠯᠵᠢᠶ᠎ᠡ︾ ︵http://zxgk.court.gov.cn/shixin / ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠤᠯᠤᠭᠰᠠᠨ ᠦᠭᠡᠢ︔      3. ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ︾ ︵https://www.gsxt.gov.cn/︶ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠥᠬᠡᠶ︔      4. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵http://www.ccgp᠂ gov.cn︶᠎ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠤᠭᠰᠠᠨ ᠥᠬᠡᠶ᠃      ᠲᠠᠪᠤ᠂ ᠴᠠᠭ ᠬᠤᠭᠤᠴᠠᠭ᠎ᠠ ᠵᠢᠴᠢ ᠭᠠᠵᠠᠷ ᠢ ᠲᠣᠬᠢᠷᠠᠭᠤᠯᠬᠤ      1. ᠠᠵᠤ ᠠᠬᠤᠶᠢᠯᠠᠯ ᠨᠡᠷ᠎ᠡ ᠮᠡᠳᠡᠭᠦᠯᠬᠦ ᠪᠠ ᠥᠷᠢᠰᠥᠯᠳᠦᠭᠡᠨ ᠤ ᠴᠢᠨᠠᠷᠲᠠᠶ ᠰᠤᠩᠭᠤᠬᠤ ᠪᠢᠴᠢᠭ ᠮᠠᠲ᠋ᠧᠷᠢᠶᠠᠯ ᠢ ᠭᠤᠶᠤᠴᠢᠯᠠᠨ ᠠᠪᠬᠤ ᠴᠠᠭ᠄ 2024 ᠣᠨ ᠤ 6 ᠰᠠᠷ᠎ᠠ ᠶᠢᠨ 17᠎ ᠤ ᠡᠳᠦᠷ ᠠᠴᠠ 6 ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ 09᠄ 00-11᠄ 30᠂ ᠦᠳᠡ ᠶᠢᠨ ᠬᠤᠶᠢᠨ᠎ᠠ 14᠄ 30-17᠄ 00 ︵ᠪᠡᠭᠡᠵᠢᠩ ᠤᠨ ᠴᠠᠭ ᠢᠶᠠᠷ ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃      2. ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠲᠤᠰᠢᠶᠠᠬᠤ᠄ 2024 ᠣᠨ ᠤ 6 ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ 09᠄ 00-11᠄ 30᠃     3. ᠮᠡᠳᠡᠭᠦᠯᠦᠭᠰᠡᠨ ᠠᠵᠤ ᠠᠬᠤᠶᠢᠯᠠᠯ ᠮᠡᠳᠡᠭᠦᠯᠦᠭᠰᠡᠨ ᠮᠡᠳᠡᠭᠦᠯᠬᠦ ᠮᠠᠲ᠋ᠧᠷᠢᠶᠠᠯ ᠤᠨ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠷᠦ᠋ ᠢ ᠨᠡᠭᠡᠭᠡᠯᠲᠡ ᠶᠢᠨ ᠲᠣᠭᠤᠷᠢᠭ ᠤᠨ ᠵᠢᠦ ᠡᠯ ᠲᠣᠮᠣ ᠠᠰᠠᠷ ᠤᠨ 1 ᠳ᠋ᠦ᠋ᠭᠡᠷ ᠠᠰᠠᠷ ᠤᠨ 8 ᠳ᠋ᠤᠭᠠᠷ ᠠᠰᠠᠷ ᠤᠨ ᠬᠤᠷᠠᠯ ᠤᠨ ᠭᠡᠷ᠃      ᠵᠢᠷᠭᠤᠭ᠎ᠠ᠂ ᠠᠩᠬᠠᠷᠬᠤ ᠵᠦᠢᠯ      ᠲᠥᠷᠥᠯ ᠵᠦᠢᠯ ᠤᠨ ᠥᠷᠢᠰᠥᠯᠳᠦᠭᠡᠨ ᠤ ᠴᠢᠨᠠᠷᠲᠠᠶ ᠰᠣᠩᠭᠤᠯᠲᠠ ᠶᠢᠨ ᠪᠢᠴᠢᠭ ᠮᠠᠲ᠋ᠧᠷᠢᠶᠠᠯ ᠭᠤᠶᠤᠴᠢᠯᠠᠨ ᠠᠪᠬᠤ ᠱᠠᠭᠠᠷᠳᠠᠯᠭ᠎ᠠ᠄ ᠭᠤᠶᠤᠴᠢᠯᠠᠨ ᠠᠪᠬᠤ ᠬᠥᠮᠦᠰ ᠲᠣᠰ ᠬᠥᠮᠦᠨ ᠤ ᠪᠡᠶ᠎ᠡ ᠶᠢᠨ ᠦᠨᠡᠮᠯᠡᠯ᠂ ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠤᠨ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ︵ᠠᠯᠪᠠᠨ ᠲᠠᠮᠠᠭ᠎ᠠ ᠳᠠᠷᠤᠨ᠎ᠠ︶ ᠵᠢᠴᠢ ᠠᠵᠤ ᠠᠬᠤᠶᠢᠯᠠᠯ ᠤᠨ ᠢᠲᠡᠭᠡᠮᠵᠢ ᠶᠢᠨ ᠮᠠᠲ᠋ᠧᠷᠢᠶᠠᠯ ᠢ ᠰᠢᠷᠪᠢᠵᠦ ᠰᠢᠤᠳᠠᠨ ᠬᠠᠶᠢᠷᠴᠠᠭ ᠤᠨ NMGLenon 2024@163.com᠎ ᠳᠤ ᠢᠯᠡᠭᠡᠵᠦ᠂ ᠰᠢᠤᠳᠠᠨ ᠤ ᠭᠠᠷᠴᠠᠭ ᠲᠤ xx ᠺᠣᠮᠫᠠᠨᠢ ᠰᠢᠩ ᠾᠧ ᠰᠢᠶᠠᠨ ᠤ ︽ᠮᠢᠩᠭᠠᠨ ᠰᠤᠮᠤ ᠲᠦᠮᠡᠨ ᠲᠣᠰᠬᠤᠨ ᠤ ᠢᠦᠶ ᠹᠧᠩ ᠠᠵᠢᠯᠯᠠᠭ᠎ᠠ︾᠎ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠥᠷᠢᠰᠥᠯᠳᠦᠭᠡᠨ ᠤ ᠴᠢᠨᠠᠷᠲᠠᠶ ᠰᠣᠩᠭᠤᠯᠲᠠ ᠶᠢᠨ ᠪᠢᠴᠢᠭ ᠮᠠᠲ᠋ᠧᠷᠢᠶᠠᠯ ᠤᠨ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ ᠢ ᠭᠤᠶᠤᠴᠢᠯᠠᠵᠤ᠂ ᠵᠥᠪᠯᠡᠯᠭᠡ ᠥᠭᠬᠦ ᠦᠢᠯᠡᠴᠢᠯᠡᠭᠡᠨ ᠤ ᠪᠠᠶᠢᠭᠤᠯᠤᠮᠵᠢ ᠰᠢᠤᠳᠠᠨ ᠤ ᠵᠦᠢᠯ ᠢ ᠣᠯᠤᠭᠰᠠᠨ ᠤ ᠳᠠᠷᠠᠭ᠎ᠠ 24 ᠴᠠᠭ ᠤᠨ ᠳᠣᠲᠣᠷ᠎ᠠ ᠥᠷᠢᠰᠥᠯᠳᠦᠭᠡᠨ ᠤ ᠴᠢᠨᠠᠷᠲᠠᠶ ᠰᠢᠯᠭᠠᠷᠠᠭᠤᠯᠤᠯᠲᠠ ᠶᠢᠨ ᠪᠢᠴᠢᠭ ᠮᠠᠲ᠋ᠧᠷᠢᠶᠠᠯ ᠢᠶᠠᠨ ᠬᠠᠷᠠᠭᠠᠯᠵᠠᠭᠰᠠᠨ ᠰᠢᠤᠳᠠᠨ ᠤ ᠬᠠᠶᠢᠷᠴᠠᠭ ᠲᠤ ᠢᠯᠡᠭᠡᠬᠦ ᠬᠡᠷᠡᠭᠲᠡᠶ      ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ      ᠥᠷᠢᠰᠥᠯᠳᠦᠭᠡᠨ ᠤ ᠴᠢᠨᠠᠷᠲᠠᠶ ᠬᠠᠷᠢᠴᠠᠯ᠄ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ      ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠰᠢᠩ ᠳ᠋ᠡ ᠬᠤᠶᠢᠲᠤ ᠵᠠᠮ ᠤᠨ ᠾᠧ ᠱᠦᠨ ᠭᠤᠳᠤᠮᠵᠢ ᠶᠢᠨ ᠰᠢᠩ ᠳ᠋ᠠ ᠨᠡᠶᠢᠭᠡᠮ ᠲᠣᠭᠤᠷᠢᠭ ᠤᠨ ᠬᠤᠶᠠᠳᠤᠭᠠᠷ ᠳᠠᠪᠬᠤᠷᠯᠢᠭ      ᠬᠠᠷᠢᠯᠴᠠᠬᠤ ᠬᠥᠮᠦᠨ᠄ ᠵᠠᠩ ᠬᠦᠶ      ᠬᠠᠷᠢᠯᠴᠠᠬᠤ ᠤᠲᠠᠰᠤ᠄ 1584945456      ᠥᠷᠢᠰᠦᠯᠳᠦᠭᠡᠨ ᠤ ᠴᠢᠨᠠᠷᠲᠠᠢ ᠠᠳᠠᠯᠢᠳᠭᠠᠨ ᠰᠣᠩᠭᠤᠬᠤ ᠦᠢᠯᠡᠴᠢᠯᠡᠭᠡᠨ ᠤ ᠨᠢᠭᠡᠴᠡ᠄ ᠥᠪᠥᠷ  ᠮᠤᠩᠭᠤᠯ ᠤᠨ ᠯᠢᠦᠢ ᠨᠧᠩ  ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠷᠦ᠋ ᠢ ᠨᠡᠭᠡᠭᠡᠯᠲᠡ ᠶᠢᠨ ᠲᠣᠭᠤᠷᠢᠭ ᠤᠨ ᠵᠢᠦ ᠡᠯ ᠲᠣᠮᠣ ᠠᠰᠠᠷ ᠤᠨ 14 ᠳ᠋ᠦ᠋ᠭᠡᠷ ᠠᠰᠠᠷ      ᠬᠠᠷᠢᠯᠴᠠᠬᠤ ᠬᠥᠮᠦᠨ᠄ ᠸᠠᠩ ᠶᠠᠨ ᠹᠠᠩ      ᠬᠠᠷᠢᠯᠴᠠᠬᠤ ᠤᠲᠠᠰᠤ᠄ 18647104247              ᠱᠢᠩ ᠾᠧ ᠱᠢᠶᠠᠨ ᠶᠢᠨ ᠲᠠᠢ ᠶᠠᠩ ᠡᠨᠧᠷᠭᠢ ᠶᠢᠨ ᠪᠡᠯᠡ ᠣᠷᠣᠭᠤᠯᠤᠯᠲᠠ ᠨᠡᠭᠡᠭᠡᠯᠲᠡ ᠶᠢᠨ ᠬᠢᠵᠠᠭᠠᠷᠲᠤ ᠺᠣᠮᠫᠠᠨᠢ                                   2024 ᠣᠨ ᠤ 6 ᠰᠠᠷ᠎ᠠ ᠶᠢᠨ 17᠎ ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3