6 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠡᠷᠳᠡᠨᠢ | ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ | ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠧᠦ ᠷᠦᠢ ᠵᠢᠶᠦ᠋ᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠼᠤᠤ ᠾᠦᠤᠤ ᠺᠸᠦ ᠲᠣᠰᠬᠤᠨ ᠤ ᠠᠷᠠᠳ ᠤᠨ | ᠵᠥᠪᠯᠡᠯ ᠳᠤ᠂ ᠸᠠᠩ ᠬᠤᠢ ᠢᠦᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠠᠷᠠᠳ ᠤᠨ | ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠲᠡᠷᠡ᠂ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠲᠣᠰᠬᠤᠨ ᠤ ᠠᠷᠠᠳ ᠤᠨ ᠠᠵᠤ ᠦᠢᠯᠡᠰ ᠢ ᠬᠥᠭᠵᠢᠭᠦᠯᠬᠦ | ᠂ ᠲᠣᠰᠬᠤᠨ ᠤ ᠠᠷᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠰᠡᠳᠬᠢᠯ ᠳᠡᠭᠡᠨ | ᠪᠤᠳᠤᠵᠤ᠂ ᠭᠠᠷ ᠲᠠᠭᠠᠨ ᠠᠳᠬᠤᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ | ᠵᠠᠮ ᠢ ᠦᠷᠭᠦᠯᠵᠢᠯᠡᠨ ᠥᠷᠭᠡᠳᠬᠡᠵᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ | ᠰᠦᠪᠡᠭᠴᠢᠯᠡᠵᠦ᠂ ᠠᠵᠤ ᠦᠢᠯᠡᠰ ᠤᠨ ᠬᠥᠭᠵᠢᠯ ᠪᠠᠳᠠᠷᠠᠯ᠂ ᠲᠠᠷᠢᠶᠠᠴᠢᠳ ᠢ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ | ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠡᠷ | ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠰᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠠᠯᠭᠠᠰᠤ ᠲᠣᠰᠬᠤᠨ ᠢ | ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ | ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠢᠢᠷ᠎ᠠ ᠶᠢᠨ ᠬᠤᠭᠤᠴᠠᠭᠠᠨ ᠳᠤ | ᠤᠰᠤᠨ ᠤ ᠪᠠᠶᠢᠳᠠᠯ᠂ ᠭᠤᠣᠯ ᠤᠨ ᠵᠠᠮ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠶᠤᠯ ᠠᠴᠠ ᠠᠪᠤᠷᠠᠬᠤ | ᠡᠩᠨᠡᠭᠡᠨ ᠤ ᠪᠠᠶᠢᠭᠤᠯᠤᠯᠲᠠ ᠪᠣᠯᠤᠨ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ | ᠠᠳᠬᠤᠵᠤ᠂ ᠦᠶᠡᠷ ᠢ ᠰᠡᠷᠭᠡᠶᠢᠯᠡᠵᠦ ᠦᠶᠡᠷ ᠢ ᠪᠡᠯᠡᠳᠬᠡᠬᠦ ᠵᠢᠴᠢ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ | ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠰᠠᠶᠢᠲᠤᠷ ᠬᠠᠮᠠᠭᠠᠯᠠᠬᠤ | ᠬᠡᠷᠡᠭᠲᠡᠢ᠃ | ᠶᠠᠷᠢᠯᠴᠠᠬᠤ ᠬᠤᠷᠠᠯ ᠳᠡᠭᠡᠷ᠎ᠡ ᠸᠠᠩ ᠬᠤᠢ ᠢᠦᠢ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ᠎ᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ | ᠪᠣᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ | ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ | ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠬᠢᠵᠦ ᠦᠷ᠎ᠡ ᠪᠦᠲᠦᠮᠵᠢ | ᠤᠯᠬᠤ ᠶᠢ ᠠᠬᠢᠭᠤᠯᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠨ ᠢᠶᠠᠨ ᠬᠥᠮᠦᠵᠢᠭᠦᠯᠬᠦ ᠶᠢ | ᠴᠢᠬᠤᠯᠠᠴᠢᠯᠠᠵᠤ᠂ ᠬᠡᠷᠡᠭ ᠢᠶᠠᠷ ᠰᠡᠷᠡᠮᠵᠢᠯᠡᠭᠦᠯᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠪᠢᠰᠢᠷᠡᠨ | ᠵᠢᠷᠦᠬᠡᠰᠢᠶᠡᠬᠦ ᠶᠢ ᠦᠨᠡᠨᠬᠦ ᠤᠢᠢᠯᠠᠭᠠᠭᠤᠯᠬᠤ ᠬᠡᠷᠡᠭᠲᠡᠢ᠃ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠣᠯᠤᠨ | ᠠᠵᠢᠯ ᠤᠨ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠬᠠᠰᠤᠬᠤ | ᠶᠣᠰᠣᠲᠠᠢ ᠶᠢ ᠨᠢ ᠪᠦᠬᠦᠨ ᠢ ᠪᠠᠭᠠᠰᠬᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠲᠠᠳ ᠢ ᠨᠡᠩ ᠤᠯᠠᠨ | ᠴᠠᠭ ᠪᠣᠯᠤᠨ ᠤᠶᠤᠨ ᠴᠢᠳᠠᠯ ᠢᠶᠠᠨ ᠭᠠᠷᠭᠠᠵᠤ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |