ᠰᠠᠶᠢᠬᠤᠰᠤ ᠪᠠᠯᠭᠠᠰᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/19
     ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 17᠎ ᠤ ᠡᠳᠦᠷ᠂ ᠰᠠᠶᠢᠬᠤᠰᠤ ᠪᠠᠯᠭᠠᠰᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠩ ᠡᡁᠧ ᠰᠢᠶᠠᠨ ᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠪᠦᠬᠦ ᠪᠠᠯᠭᠠᠰᠤᠨ ᠤ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠢᠯᠵᠢᠷᠡᠯ ᠢ ᠡᠰᠡᠷᠭᠦᠴᠡᠬᠦ ᠠᠵᠢᠯ ᠢ ᠳ᠋ᠦᠩᠨᠡᠨ ᠡᠷᠭᠢᠴᠡᠭᠦᠯᠬᠦ ᠶᠢᠨ ᠬᠠᠮᠲᠤ 2024 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠢᠯᠵᠢᠷᠡᠯ ᠢ ᠡᠰᠡᠷᠭᠦᠴᠡᠬᠦ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠡᠭᠦᠷ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ︔ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾᠎ ᠶᠢ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠰᠡᠳᠬᠢᠯ ᠳᠡᠭᠡᠨ ᠬᠠᠤᠯᠢ ᠴᠠᠭᠠᠵᠠ ᠶᠢᠨ ᠢᠯᠡ ᠲᠣᠳᠣ ᠲᠣᠯᠢ ᠶᠢ ᠴᠢᠩᠭ᠎ᠠ ᠠᠳᠬᠤᠵᠤ᠂ ᠨᠣᠶᠠᠨ ᠰᠠᠭᠤᠵᠤ ᠠᠵᠢᠯ ᠬᠢᠬᠦ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠬᠠᠤᠯᠢ ᠴᠠᠭᠠᠵᠠ ᠶᠢᠨ ᠤᠯᠠᠭᠠᠨ ᠱᠤᠭᠤᠮ ᠢ ᠳᠠᠪᠠᠵᠤ ᠪᠣᠯᠬᠤ ᠥᠬᠡᠶ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠬᠥᠨᠳᠡᠵᠦ ᠪᠣᠯᠬᠤ ᠥᠬᠡᠶ ᠭᠡᠳᠡᠭ ᠢ ᠮᠡᠳᠡᠬᠦ ᠬᠡᠷᠡᠭᠲᠡᠶ᠃      ᠬᠤᠷᠠᠯ ᠠᠴᠠ ᠪᠦᠬᠦ ᠨᠠᠮ ᠤᠨ ᠭᠡᠰᠢᠭᠦᠨ ᠺᠠᠳ᠋ᠷᠴᠤᠳ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠳᠣᠤᠷᠠᠬᠢ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠳᠠᠬᠢᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠤᠯᠤᠰ ᠲᠥᠷᠦ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠣᠨᠣᠪᠴᠢᠲᠠᠶ ᠡᠵᠡᠮᠳᠡᠵᠦ ᠂ ᠳᠣᠲᠣᠭᠠᠳᠤ ᠳᠠᠭᠠᠨ ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠳᠡᠭᠡᠷ᠎ᠡ ᠴᠥᠬᠦᠷᠡᠰᠢ ᠦᠭᠡᠢ ᠬᠦᠴᠦ ᠲᠠᠯᠪᠢᠵᠤ᠂ ᠤᠬᠠᠮᠰᠠᠷ ᠠᠴᠠ ᠪᠠᠨ ᠳᠤᠮᠳᠠ ᠠᠴᠠ ᠦᠵᠡᠯᠲᠡ ᠪᠠᠨ ᠡᠷᠢᠵᠦ᠂ ᠰᠡᠳᠬᠢᠮᠵᠢ ᠪᠠᠨ ᠡᠷᠢᠵᠦ᠂ ᠠᠷᠭ᠎ᠠ ᠬᠡᠮᠵᠢᠶ᠎ᠡ ᠡᠷᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ︽ᠲᠠᠬᠢᠨ ᠵᠢᠷᠤᠮᠵᠢᠭᠤᠯᠬᠤ︾ ᠬᠡᠷᠡᠭᠲᠡᠢ᠂ ᠨᠠᠮ ᠤᠨ ᠲᠦᠷᠢᠮ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠣᠯᠭᠠᠵᠤ᠂ ᠢᠯᠠᠩᠭᠤᠶ᠎ᠠ ᠡᠨᠡ ᠵᠢᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠤᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠢᠨ ᠡᠨᠡ ᠬᠦ ᠴᠡᠭᠡᠷᠯᠡᠯ ᠢᠶᠠᠷ ᠥᠪᠡᠷ ᠢ ᠪᠠᠨ ᠲᠠᠰᠤᠷᠠᠯᠳᠠ ᠦᠭᠡᠢ ᠵᠢᠷᠤᠮᠵᠢᠭᠤᠯᠵᠤ ᠂ ᠥᠪᠡᠷ ᠤᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢᠨ ᠵᠥᠷᠢᠶ᠎ᠡ ᠪᠠᠨ ᠲᠠᠰᠤᠷᠠᠯᠳᠠ ᠦᠭᠡᠢ ᠵᠠᠯᠠᠷᠠᠭᠤᠯᠬᠤ ᠬᠡᠷᠡᠭᠲᠡᠢ ᠃ ᠭᠤᠷᠪᠠ ᠳᠤ᠂ ᠰᠤᠷᠲᠠᠯ ᠢᠶᠠᠨ ᠬᠤᠪᠢᠷᠠᠭᠤᠯᠬᠤ ᠲᠠᠯ᠎ᠠ ᠪᠠᠷ ︽ᠲᠠᠬᠢᠨ ᠬᠦᠴᠦᠯᠡᠬᠦ︾᠎ ᠶᠢ ᠶᠠᠮᠠᠷᠪᠠ ᠦᠶ᠎ᠡ ᠳᠤ ᠶᠠᠭᠠᠬᠢᠭᠰᠠᠨ ᠴᠤ ᠠᠮᠤᠰᠬᠢᠬᠦ ᠦᠭᠡᠢ᠂ ᠬᠥᠯ ᠠᠮᠠᠷᠠᠭᠤᠯᠬᠤ ᠪᠤᠳᠤᠯ ᠲᠠᠢ ᠪᠠᠶᠢᠵᠤ ᠪᠣᠯᠬᠤ ᠦᠭᠡᠢ᠂ ᠡᠷᠬᠡᠪᠰᠢ ᠰᠤᠯᠠᠷᠠᠬᠤ ᠦᠭᠡᠢ᠂ ᠵᠣᠭᠰᠣᠩᠭᠢᠷᠠᠬᠤ ᠦᠭᠡᠢ᠂ ᠬᠠᠵᠠᠶᠢᠯᠭᠠᠬᠤ ᠦᠭᠡᠢ ᠪᠠᠶᠢᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ᠂ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3