ᠸᠠᠩ ᠬᠤᠢ ᠢᠦᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 13 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 13 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠳᠣᠯᠣᠳᠤᠭᠠᠷ ᠬᠤᠷᠠᠯ᠂ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ᠂ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠰᠦᠨ ᠱᠤᠤ ᠴᠧᠩ ᠱᠦᠵᠢ ᠶᠢᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠵᠢᠭᠠᠪᠤᠷᠢ ᠵᠢᠴᠢ ᠶᠠᠷᠢᠯᠴᠠᠬᠤ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃      ᠬᠤᠷᠠᠯ ᠠᠴᠠ ᠴᠢᠩᠭᠠᠳᠬᠠᠭᠰᠠᠨ ᠨᠢ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠦᠨᠡᠨᠬᠦ ᠬᠦᠳᠦᠯᠦᠨ ᠳᠠᠭᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠲᠤᠷᠰᠢᠯᠭ᠎ᠠ ᠶᠢ ᠪᠣᠯᠪᠠᠰᠤᠷᠠᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠃ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠠᠵᠢᠯ ᠤᠨ ᠶᠠᠪᠤᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠤᠨ ᠪᠠᠶᠢᠷᠢ ᠶᠢ ᠠᠭᠤᠳᠠᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠬᠥᠳᠡᠯᠮᠦᠷᠢ ᠶᠢᠨ ᠡᠷᠬᠡ ᠠᠰᠢᠭ ᠢ ᠦᠷᠭᠦᠯᠵᠢᠯᠡᠨ ᠪᠠᠲᠤᠯᠠᠵᠤ᠂ ᠪᠦᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠲᠤᠯ ᠦᠭᠡᠢ ᠪᠠᠷ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠶᠡᠬᠡᠪᠡᠷ ᠠᠬᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠬᠥᠭᠵᠢᠯ ᠮᠠᠨᠳᠤᠯ ᠢ ᠲᠦᠷᠭᠡᠳᠬᠡᠨ ᠪᠠᠶᠢᠭᠤᠯᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠣᠯᠭᠤᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠥᠨᠳᠥᠷ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠬᠦ ᠶᠢ ᠠᠬᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠯ᠎ᠡ ᠵᠦᠢᠯ ᠤᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ ᠶᠢ ᠠᠬᠢᠭᠤᠯᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠬᠦ ᠪᠠ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠰᠦᠯᠵᠢᠶᠡᠨ ᠤ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠵᠤ᠂ ᠲᠣᠭᠠᠴᠢᠯᠠᠭᠰᠠᠨ ᠡᠨᠧᠷᠭᠢ ᠣᠯᠭᠤᠬᠤ ᠶᠢ ᠭᠦᠨᠵᠡᠭᠡᠶᠢᠷᠡᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠰᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠰᠤᠷᠤᠯᠴᠠᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠤᠮᠵᠢ ᠲᠣᠭᠲᠠᠴᠠ ᠪᠠᠨ ᠪᠦᠷᠢᠨᠰᠢᠬᠦᠯᠵᠦ᠂ ᠡᠯ᠎ᠡ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠵᠤ᠂ ᠳᠠᠷᠤᠯᠲᠠ ᠥᠭᠴᠦ ︽ᠲᠠᠪᠤᠨ ᠶᠡᠭᠡ ᠡᠭᠦᠷᠭᠡ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠠᠷᠠᠯᠲᠠ ᠡᠭᠦᠷᠭᠡ ᠪᠠᠨ ᠲᠣᠭᠲᠠᠭᠠᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ ᠤᠨ ᠠᠵᠢᠯ ᠢᠶᠠᠨ ᠤᠷᠤᠭᠰᠢ ᠠᠬᠢᠭᠤᠯᠵᠤ᠂ ᠨᠠᠷᠢᠨ ᠠᠳᠬᠤᠵᠤ᠂ ᠪᠣᠳᠠᠲᠠᠢ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3