ᠮᠠᠨ ᠤ ᠰᠢᠶᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/20
     ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 19 ᠤ ᠡᠳᠦᠷ᠂ ᠮᠠᠨ ᠤ ᠰᠢᠶᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠩ ᠾᠧ ᠰᠢᠶᠠᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠤᠶᠢᠯᠡᠴᠢᠯᠡᠭᠡᠨ ᠤ ᠲᠥᠪ ᠰᠢᠶᠠᠨ ᠤ ᠤᠯᠠᠭᠠᠨᠮᠥ᠋ᠴᠢᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠢ ᠲᠠᠢ ᠬᠠᠮᠲᠤᠷᠠᠨ ᠮᠡᠬᠡᠯᠡᠯ ᠤᠨ ᠦᠷᠭᠦᠯᠵᠢ ᠲᠣᠬᠢᠶᠠᠯᠳᠤᠳᠠᠭ ᠠᠷᠭ᠎ᠠ ᠪᠠᠷᠢᠯ ᠪᠠ ᠠᠷᠭ᠎ᠠ ᠵᠠᠮ ᠢᠶᠠᠷ ᠭᠠᠷᠳᠠᠵᠤ᠂ ᠤᠷᠠᠨ ᠰᠠᠶᠢᠬᠠᠨ ᠤ ᠲᠣᠭᠯᠠᠯᠲᠠ᠂ ᠱᠠᠩᠨᠠᠯᠲᠤ ᠠᠰᠠᠭᠤᠯᠲᠠ ᠬᠠᠷᠢᠭᠤᠯᠲᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠤᠶᠢᠯ ᠤᠨ ᠬᠡᠯᠪᠡᠷᠢ ᠪᠠᠷ ᠳᠠᠮᠵᠢᠭᠤᠯᠤᠨ᠂ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠣᠯᠠᠨ ᠲᠦᠮᠡᠨ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯ ᠢ ᠤᠬᠠᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠵᠤ᠂ ᠡᠯ᠎ᠡ ᠵᠤᠶᠢᠯ ᠤᠨ ᠭᠤᠷᠢᠳᠠᠬᠤ ᠪᠣᠳᠣᠯ ᠠᠴᠠ ᠪᠣᠯᠵᠣ ᠮᠡᠬᠡᠯᠡᠭᠳᠡᠭᠰᠡᠨ ᠰᠢᠯᠲᠠᠭᠠᠨ ᠪᠠ ᠮᠡᠬᠡᠯᠡᠬᠦ ᠠᠷᠭ᠎ᠠ ᠪᠠᠷᠢᠯ ᠢ ᠢᠯᠡᠷᠡᠭᠦᠯᠵᠦ᠂ ᠣᠯᠠᠨ ᠲᠦᠮᠡᠨ ᠳᠤ ᠮᠡᠬᠡᠯᠡᠯ ᠤᠨ ᠠᠷᠭ᠎ᠠ ᠵᠠᠮ ᠢ ᠭᠦᠨᠵᠡᠭᠡᠶ ᠣᠶᠢᠯᠠᠭᠠᠭᠤᠯᠵᠤ᠂ ᠬᠤᠪᠳᠤᠭ ᠰᠢᠨᠤᠬᠠᠶᠢᠷᠠᠬᠤ ᠪᠣᠳᠣᠯ ᠡᠪᠦᠷᠯᠡᠬᠦ ᠥᠬᠡᠶ᠂ ᠭᠤᠷᠢᠳᠠᠬᠤ ᠪᠣᠳᠣᠯ ᠡᠪᠦᠷᠯᠡᠬᠦ ᠥᠬᠡᠶ᠂ ᠮᠠᠭᠤ ᠥᠳᠥᠭᠡᠯᠭᠡ ᠶᠢ ᠡᠰᠡᠷᠭᠦᠴᠡᠨ ᠬᠤᠷᠢᠭᠯᠠᠬᠤ ᠶᠢ ᠰᠤᠷᠭᠠᠪᠠ᠃      ᠲᠣᠰ ᠤᠳᠠᠭᠠᠨ ᠤ ᠠᠵᠢᠯᠯᠠᠭ᠎ᠠ ᠳᠤ᠂ ᠡᠯ᠎ᠡ ᠲᠥᠷᠥᠯ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠶ ᠬᠤᠪᠢ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠤᠬᠠᠭᠤᠯᠭ᠎ᠠ ᠶᠢᠨ ᠡᠳ᠋ ᠪᠣᠳᠠᠰ ᠢ 100 ᠭᠠᠷᠤᠶ ᠬᠤᠪᠢ ᠲᠠᠷᠬᠠᠭᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠣᠯᠠᠨ ᠤ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3