ᠯᠢ ᠺᠠᠶ ᠳ᠋ᠦᠩ ᠭᠤᠤᠯ ᠤᠨ ᠵᠠᠮ ᠢ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 20᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠭᠤᠤᠯ ᠤᠨ ᠵᠠᠮ ᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ      ᠯᠢ ᠺᠠᠶ ᠳ᠋ᠦᠩ ᠨᠡᠷ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠭᠤᠷᠪᠠᠨ ᠭᠤᠤᠯ ᠪᠣᠯᠤᠨ ᠢᠷᠭᠠᠢ ᠶᠢᠨ ᠭᠤᠤᠯ ᠳᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠭᠤᠤᠯ ᠤᠨ ᠵᠠᠮ ᠤᠨ ᠵᠠᠰᠠᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠤᠯ ᠤᠨ ᠤᠰᠤᠨ ᠤ ᠶᠠᠰᠤ ᠴᠢᠨᠠᠷ᠂ ᠤᠰᠤᠨ ᠤ ᠠᠮᠢ ᠠᠬᠤᠶ ᠶᠢ ᠬᠠᠮᠠᠭᠠᠯᠠᠬᠤ᠂ ᠭᠤᠤᠯ ᠤᠨ ᠵᠠᠮ ᠤᠨ ᠣᠷᠴᠢᠨ ᠲᠣᠭᠤᠷᠢᠨ ᠢ ᠰᠡᠷᠭᠦᠭᠡᠨ ᠪᠦᠲᠦᠭᠡᠨ ᠪᠠᠶᠢᠭᠤᠯᠬᠤ ᠵᠡᠷᠭᠡ ᠠᠵᠢᠯ ᠢ ᠨᠠᠷᠢᠨ ᠣᠶᠢᠯᠠᠭᠠᠵᠤ᠂ ᠭᠤᠤᠯ ᠤᠨ ᠵᠠᠮ ᠤᠨ ᠵᠠᠰᠠᠯᠲᠠ ᠶᠢ ᠴᠢᠨᠠᠷ ᠰᠠᠶᠢᠲᠠᠶ ᠠᠬᠢᠭᠤᠯᠬᠤ ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠤᠨ ᠶᠠᠷᠢᠯᠴᠠᠪᠠ᠃      ᠯᠢ ᠺᠠᠶ ᠳ᠋ᠦᠩ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠬᠥᠭᠵᠢᠯᠲᠡ ᠪᠠ ᠠᠮᠢ ᠠᠬᠤᠶ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠰᠠᠯᠲᠠ ᠶᠢᠨ ᠠᠵᠢᠯ ᠢ ᠴᠢᠨᠠᠷ ᠰᠠᠶᠢᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾᠎ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠬᠠᠮᠠᠭᠠᠯᠠᠬᠤ ᠬᠠᠷᠢᠭᠤᠴᠠᠯᠭ᠎ᠠ ᠲᠠᠢ᠂ ᠭᠤᠣᠯ ᠮᠥᠷᠡᠨ ᠢ ᠬᠠᠮᠠᠭᠠᠯᠠᠬᠤ ᠡᠭᠦᠷᠭᠡᠯᠡᠯ᠂ ᠭᠤᠣᠯ ᠮᠥᠷᠡᠨ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠭᠤᠣᠯ ᠤᠨ ᠵᠠᠮ ᠤᠨ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠢᠶᠠᠷᠤᠯᠲᠠ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠵᠦ᠂ ᠤᠰᠤ ᠨᠢ ᠲᠤᠩᠭᠠᠯᠠᠭ ᠭᠤᠣᠯ ᠨᠢ ᠰᠢᠯᠤᠭᠤᠨ᠂ ᠡᠷᠭᠢ ᠨᠢ ᠨᠣᠭᠤᠭᠠᠨ ᠦᠵᠡᠮᠵᠢ ᠨᠢ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠪᠦᠬᠦ ᠰᠢᠶᠠᠨ ᠤ ᠠᠷᠠᠳ ᠲᠦᠮᠡᠨ ᠳᠤ ᠬᠠᠨᠤᠮᠵᠢᠲᠠᠢ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3