6 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠭᠤᠤᠯ ᠤᠨ ᠵᠠᠮ ᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ | ᠃ | ᠯᠢ ᠺᠠᠶ ᠳ᠋ᠦᠩ ᠨᠡᠷ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠭᠤᠷᠪᠠᠨ ᠭᠤᠤᠯ ᠪᠣᠯᠤᠨ | ᠢᠷᠭᠠᠢ ᠶᠢᠨ ᠭᠤᠤᠯ ᠳᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠭᠤᠤᠯ ᠤᠨ ᠵᠠᠮ ᠤᠨ | ᠵᠠᠰᠠᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠤᠯ ᠤᠨ ᠤᠰᠤᠨ ᠤ ᠶᠠᠰᠤ ᠴᠢᠨᠠᠷ᠂ | ᠤᠰᠤᠨ ᠤ ᠠᠮᠢ ᠠᠬᠤᠶ ᠶᠢ ᠬᠠᠮᠠᠭᠠᠯᠠᠬᠤ᠂ ᠭᠤᠤᠯ ᠤᠨ ᠵᠠᠮ ᠤᠨ ᠣᠷᠴᠢᠨ ᠲᠣᠭᠤᠷᠢᠨ ᠢ ᠰᠡᠷᠭᠦᠭᠡᠨ ᠪᠦᠲᠦᠭᠡᠨ | ᠪᠠᠶᠢᠭᠤᠯᠬᠤ ᠵᠡᠷᠭᠡ ᠠᠵᠢᠯ ᠢ ᠨᠠᠷᠢᠨ ᠣᠶᠢᠯᠠᠭᠠᠵᠤ᠂ ᠭᠤᠤᠯ ᠤᠨ ᠵᠠᠮ ᠤᠨ ᠵᠠᠰᠠᠯᠲᠠ ᠶᠢ ᠴᠢᠨᠠᠷ ᠰᠠᠶᠢᠲᠠᠶ ᠠᠬᠢᠭᠤᠯᠬᠤ | ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠤᠨ ᠶᠠᠷᠢᠯᠴᠠᠪᠠ᠃ | ᠯᠢ ᠺᠠᠶ ᠳ᠋ᠦᠩ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠬᠥᠭᠵᠢᠯᠲᠡ ᠪᠠ ᠠᠮᠢ ᠠᠬᠤᠶ ᠶᠢᠨ ᠬᠤᠶᠠᠷ | ᠬᠤᠷᠢᠭ᠎ᠠ ᠱᠤᠭᠤᠮ ᠢ ᠪᠠᠲᠤ ᠰᠠᠬᠢᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠵᠠᠰᠠᠯᠲᠠ ᠶᠢᠨ ᠠᠵᠢᠯ ᠢ ᠴᠢᠨᠠᠷ ᠰᠠᠶᠢᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ᠃ ︽ᠭᠤᠣᠯ ᠮᠥᠷᠡᠨ ᠤ | ᠳᠠᠷᠤᠭ᠎ᠠ ᠶᠢᠨ ᠳᠦᠷᠢᠮ︾ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠢ | ᠬᠠᠮᠠᠭᠠᠯᠠᠬᠤ ᠬᠠᠷᠢᠭᠤᠴᠠᠯᠭ᠎ᠠ ᠲᠠᠢ᠂ ᠭᠤᠣᠯ ᠮᠥᠷᠡᠨ ᠢ ᠬᠠᠮᠠᠭᠠᠯᠠᠬᠤ ᠡᠭᠦᠷᠭᠡᠯᠡᠯ᠂ ᠭᠤᠣᠯ ᠮᠥᠷᠡᠨ ᠢ ᠵᠠᠰᠠᠬᠤ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠭᠤᠣᠯ ᠤᠨ ᠵᠠᠮ ᠤᠨ ᠡᠳᠦᠷ ᠲᠤᠳᠤᠮ ᠤᠨ ᠬᠠᠮᠢᠶᠠᠷᠤᠯᠲᠠ | ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠣᠷᠣᠨ ᠤ | ᠡᠷᠭᠢ ᠶᠢᠨ ᠱᠤᠭᠤᠮ ᠤᠨ ᠬᠠᠮᠢᠶᠠᠷᠤᠯᠲᠠ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ | ᠬᠢᠵᠦ᠂ ᠤᠰᠤ ᠨᠢ ᠲᠤᠩᠭᠠᠯᠠᠭ ᠭᠤᠣᠯ ᠨᠢ ᠰᠢᠯᠤᠭᠤᠨ᠂ ᠡᠷᠭᠢ ᠨᠢ ᠨᠣᠭᠤᠭᠠᠨ ᠦᠵᠡᠮᠵᠢ ᠨᠢ ᠰᠠᠶᠢᠬᠠᠨ ᠠᠮᠢ | ᠠᠬᠤᠢ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠪᠦᠬᠦ ᠰᠢᠶᠠᠨ ᠤ ᠠᠷᠠᠳ ᠲᠦᠮᠡᠨ ᠳᠤ | ᠬᠠᠨᠤᠮᠵᠢᠲᠠᠢ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |