| | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ | ᠡᠯ᠎ᠡ ᠵᠦᠢᠯ ᠤᠨ ᠠᠵᠢᠯ ᠢ ᠦᠨᠡᠨ ᠬᠦ ᠲᠦᠯᠬᠢᠨ ᠠᠬᠢᠭᠤᠯᠬᠤ ᠶᠢᠨ ᠲᠥᠯᠥᠭᠡ᠃ 6 ᠰᠠᠷ᠎ᠠ ᠶᠢᠨ 21 ᠤ ᠡᠳᠦᠷ᠂ | ᠮᠠᠨ ᠤ ᠰᠢᠶᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ | ᠡᠭᠦᠳᠦᠨ ᠪᠠᠶᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᠵᠣᠣ ᠬᠤᠶ ᠵᠢᠤᠢ ᠬᠤᠷᠠᠯ ᠡᠷᠭᠢᠯᠡᠪᠡ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠡᠭᠦᠳᠦᠨ ᠪᠠᠶᠢᠭᠤᠯᠬᠤ ᠭᠠᠵᠠᠷ ᠤᠨ ᠡᠷᠬᠢᠯᠡᠭᠴᠢ ᠡᠤ ᠰᠢᠶᠤᠤ ᠳ᠋ᠦᠩ ᠢ ᠲᠤᠰᠬᠠᠶᠢᠯᠠᠨ | ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠭᠤᠤᠯᠳᠠᠭᠤ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢᠨ | ᠰᠢᠯᠭᠠᠨ ᠦᠨᠡᠯᠡᠬᠦ ᠭᠦᠢᠴᠡᠳᠭᠡᠯ ᠲᠤᠭ᠎ᠠ ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠡᠨᠡ ᠬᠦ ᠭᠤᠤᠯ ᠠᠭᠤᠯᠭ᠎ᠠ ᠶᠢ | ᠥᠷᠨᠢᠭᠦᠯᠵᠦ᠂ ᠪᠣᠯᠪᠠᠰᠤᠷᠠᠭᠤᠯᠤᠯ ᠤᠨ ᠠᠭᠤᠯᠭ᠎ᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠶᠢᠨ ᠪᠣᠳᠠᠲᠤ ᠠᠴᠢ ᠬᠤᠯᠪᠣᠭᠳᠠᠯ᠂ ᠦᠢᠯᠡᠳᠦᠯᠭᠡ ᠶᠢᠨ ᠠᠭᠤᠯᠤᠭᠳᠠᠬᠤᠨ᠂ ᠠᠵᠢᠯ ᠤᠨ | ᠭᠤᠤᠯᠳᠠᠯᠭ᠎ᠠ ᠳᠤ ᠰᠠᠭᠤᠷᠢᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠮᠢᠶ᠎ᠠ | ᠪᠥᠬᠦᠶ ᠮᠡᠳᠡᠯᠭᠡ ᠶᠢ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠠᠴᠠ ᠲᠠᠶᠢᠯᠪᠤᠷᠢᠯᠠᠪᠠ᠃ | ᠪᠣᠯᠪᠠᠰᠤᠷᠠᠯ ᠢᠶᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠱᠠᠭᠠᠷᠳᠠᠯᠭ᠎ᠠ ᠪᠠ ᠭᠤᠤᠯ ᠠᠷᠭ᠎ᠠ ᠵᠠᠮ ᠢ ᠤᠯᠠᠮ ᠨᠢᠭᠡ ᠠᠯᠬᠤᠮ | ᠡᠵᠡᠮᠰᠢᠵᠦ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠭᠦᠳᠦᠨ ᠪᠠᠶᠢᠭᠤᠯᠬᠤ ᠠᠵᠢᠯ ᠢ ᠰᠠᠶᠢᠲᠤᠷ | ᠬᠢᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠰᠢᠶᠠᠨ ᠤ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠴᠢᠭᠯᠡᠯ ᠢ | ᠲᠣᠳᠣᠷᠬᠠᠶ ᠵᠢᠭᠠᠵᠤ ᠥᠭᠴᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |