ᠰᠢᠩ ᠾᠧ ᠰᠢᠶᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠭᠠᠶᠢᠯᠢ ᠬᠠᠷᠠᠭᠠᠯᠵᠠᠯᠲᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/24
     ᠴᠡᠷᠢᠭ ᠠᠴᠠ ᠬᠠᠯᠠᠭᠳᠠᠭᠰᠠᠳ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠤᠰᠬᠠᠬᠤ ᠶᠢ ᠲᠦᠷᠭᠡᠨ ᠪᠥᠭᠡᠳ ᠰᠠᠶᠢᠲᠤᠷ ᠠᠬᠢᠭᠤᠯᠤᠨ᠎ᠠ᠃ 6 ᠰᠠᠷ᠎ᠠ ᠶᠢᠨ 20᠎ ᠤ ᠡᠳᠦᠷ᠂ ᠰᠢᠩ ᠾᠧ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠰᠠᠭᠤᠭ᠎ᠠ ᠭᠠᠵᠠᠷ ᠤᠨ ᠠᠵᠤ ᠠᠬᠤᠶᠢᠯᠠᠯ ᠳᠤ ᠭᠦᠨᠵᠡᠭᠡᠶᠢᠷᠡᠵᠦ᠂ ᠴᠡᠷᠢᠭ ᠠᠴᠠ ᠬᠠᠯᠠᠭᠳᠠᠭᠰᠠᠳ ᠤᠨ ᠭᠠᠶᠢᠯᠢ ᠭᠤᠶᠤᠴᠢᠯᠠᠨ ᠮᠡᠳᠡᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠵᠢᠯᠲᠠᠳ ︽ᠪᠡᠶ᠎ᠡ ᠪᠠᠨ ᠳᠠᠭᠠᠭᠠᠵᠤ ᠠᠵᠢᠯ ᠤᠯᠬᠤ ᠶᠢ ᠲᠡᠳᠬᠦᠬᠦ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠭᠠᠶᠢᠯᠢ ᠲᠠᠲᠠᠪᠤᠷᠢ ᠶᠢ ᠲᠡᠳᠬᠦᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾᠎ ᠶᠢᠨ ᠲᠤᠬᠠᠶ ᠨᠠᠷᠢᠨ ᠲᠠᠶᠢᠯᠤᠮᠵᠢ ᠬᠢᠵᠦ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠳ ᠲᠤᠬᠠᠶ ᠶᠢᠨ ᠲᠠᠯᠠᠪᠤᠷ ᠤᠨ ᠪᠣᠳᠠᠲᠠᠶ ᠲᠠᠮᠢᠷ᠂ ᠵᠢᠱᠢᠶ᠎ᠡ ᠦᠵᠡᠭᠦᠯᠦᠨ ᠬᠠᠪᠰᠤᠷᠤᠨ ᠵᠢᠯᠣᠭᠤᠳᠬᠤ᠂ ᠨᠠᠷᠢᠯᠢᠭ ᠲᠠᠭᠯᠠᠨ ᠮᠡᠳᠡᠭᠦᠯᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠦᠢᠯᠡᠴᠢᠯᠡᠭᠡᠨ ᠤ ᠪᠠᠲᠤᠯᠠᠭ᠎ᠠ ᠬᠠᠩᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠣᠬᠢᠷᠠᠮᠵᠢᠲᠠᠶ ᠠᠵᠢᠯ ᠤᠨ ᠪᠠᠶᠢᠷᠢ ᠬᠠᠩᠭᠠᠵᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠶᠢ ᠵᠣᠷᠢᠭᠵᠢᠭᠤᠯᠵᠠᠶ᠃      ᠰᠢᠩ ᠾᠧ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠦᠷᠭᠦᠯᠵᠢᠯᠡᠨ ᠤᠨᠢᠨ ᠳᠡᠭᠡᠷ᠎ᠡ ᠨᠢ ᠨᠠᠷᠢᠯᠢᠭ ᠦᠢᠯᠡᠴᠢᠯᠡᠬᠦ ᠪᠠᠷ ᠳᠠᠮᠵᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠤᠰᠬᠠᠬᠤ ᠳᠤ ᠨᠡᠩ ᠰᠠᠶᠢᠨ ᠨᠥᠬᠦᠴᠡᠯ ᠪᠦᠷᠢᠯᠳᠦᠭᠦᠯᠦᠨ ᠥᠭᠴᠦ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ︽ᠴᠠᠭᠠᠰᠤᠨ ᠳᠡᠭᠡᠷ᠎ᠡ︾ ᠪᠠᠶᠢᠭᠰᠠᠨ ᠠᠴᠠ ︽ᠪᠣᠳᠠᠲᠠᠢ︾ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠴᠢᠨᠠᠷ ᠰᠠᠶᠢᠲᠠᠢ ᠠᠵᠢᠯ ᠣᠯᠵᠤ ᠦᠢᠯᠡᠰ ᠪᠤᠰᠬᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠢᠯᠡᠳᠬᠡᠪᠡ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3